ᠴᠡᠷᠢᠭ ᠠᠷᠠᠳ ᠠᠭᠤᠰᠤᠯᠴᠠᠨ ᠴᠡᠷᠢᠭ ᠤᠨ ᠠᠮᠤ ᠬᠦᠨᠡᠰᠦᠨ ᠤ ᠬᠠᠩᠭᠠᠯᠭ᠎ᠠ ᠶᠢᠨ ᠢᠨᠵᠧᠨᠧᠷᠢᠩ ᠢ ᠪᠦᠲᠦᠭᠡᠨ ᠪᠠᠶᠢᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ︽ᠴᠡᠷᠢᠭ ᠠᠷᠠᠳ ᠠᠭᠤᠰᠤᠯᠴᠠᠬᠤ︾ ᠪᠠᠶᠢᠯᠳᠤᠬᠤ ᠪᠤᠳᠤᠯᠭ᠎ᠠ ᠪᠠᠷ ᠴᠡᠷᠢᠭ ᠤᠨ ᠠᠮᠤ ᠬᠦᠨᠡᠰᠦᠨ ᠤ ᠪᠠᠲᠤᠯᠠᠭ᠎ᠠ ᠶᠢᠨ ᠰᠢᠰᠲ᠋ᠧᠮ ᠢ ᠴᠤᠭᠴᠠᠯᠠᠪᠠ
ᠨᠡᠶᠢᠲᠡᠯᠡᠭᠰᠡᠨ ᠴᠠᠭ᠄
2022/7/21
         ᠲᠤᠰ ᠲᠦᠷᠦᠯ ᠵᠦᠢᠯ ᠨᠢ ᠬᠤᠩᠱᠠᠨ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ  ᠤᠨ ᠨᠡᠭᠡᠭᠡᠯᠲᠡ ᠶᠢᠨ ᠲᠤᠭᠤᠷᠢᠭ ᠤᠨ ᠸᠧᠨ ᠵᠦᠩ ᠤᠨ ᠬᠡᠰᠡᠭ ᠲᠤ ᠪᠠᠶᠢᠷᠢᠯᠠᠵᠤ ᠪᠤᠢ᠃ 61 ᠮᠤ᠋ ᠭᠠᠵᠠᠷ ᠡᠵᠡᠯᠡᠨ᠂ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 12000 ᠲᠡᠭᠰᠢ ᠳᠦᠷᠪᠡᠯᠵᠢᠨ ᠮᠧᠲᠷ᠂ ᠲᠦᠯᠦᠪᠯᠡᠭᠰᠡᠨ  ᠢᠶᠠᠷ ᠠᠮᠤ ᠶᠢᠨ ᠬᠦᠮᠦᠷᠭᠡ᠂ ᠪᠦᠲᠦᠭᠡᠭᠳᠡᠭᠦᠨ ᠤ ᠬᠦᠮᠦᠷᠭᠡ ᠵᠢᠴᠢ ᠪᠤᠯᠪᠠᠰᠤᠷᠠᠭᠤᠯᠬᠤ ᠲᠠᠰᠤᠭ᠂ ᠬᠦᠢᠲᠡᠨ ᠬᠦᠮᠦᠷᠭᠡ ᠂ ᠡᠳ᠋ ᠪᠤᠳᠠᠰ ᠤᠨ ᠬᠠᠳᠠᠭᠠᠯᠠᠯᠲᠠ ᠶᠢᠨ ᠬᠦᠮᠦᠷᠭᠡ ᠲᠤᠰᠪᠤᠷᠢ ᠨᠢᠭᠡ ᠶᠢ ᠪᠠᠶᠢᠭᠤᠯᠵᠤ᠂ 100 ᠲᠤᠨ ᠶᠠᠫᠤᠨ ᠤ ᠲᠤᠳᠤᠷᠭ᠎ᠠ᠂ 20 ᠲᠤᠨ ᠡᠷᠳᠡᠨᠢ ᠰᠢᠰᠢ ᠶᠢᠨ ᠪᠦᠲᠦᠭᠡᠭᠳᠡᠭᠦᠨ᠂ 20 ᠲᠤᠨ ᠪᠦᠳᠦᠭᠦᠯᠢᠭ ᠠᠮᠤ ᠶᠢᠨ ᠦᠢᠯᠡᠳᠪᠦᠷᠢᠯᠡᠯ ᠤᠨ ᠱᠤᠭᠤᠮ ᠲᠤᠰᠪᠤᠷᠢ ᠨᠢᠭᠡ ᠵᠤᠷᠪᠤᠰ ᠲᠦᠬᠦᠭᠡᠷᠬᠦ ᠶᠢᠨ ᠬᠠᠮᠲᠤ ᠴᠠᠬᠢᠮᠴᠢᠯᠠᠭᠰᠠᠨ ᠬᠠᠮᠢᠶᠠᠷᠤᠯᠲᠠ  ᠶᠢᠨ ᠰᠢᠰᠲ᠋ᠧᠮ ᠢ ᠪᠠᠶᠢᠭᠤᠯᠵᠤ ᠲᠡᠭᠦᠯᠳᠡᠷᠵᠢᠭᠦᠯᠦᠨ᠎ᠡ᠃ 4 ᠰᠠᠷ᠎ᠠ ᠶᠢᠨ 8 ᠤ ᠡᠳᠦᠷ ᠵᠢᠩᠬᠢᠨᠢ ᠪᠠᠷ ᠠᠵᠢᠯ ᠡᠬᠢᠯᠡᠨ ᠪᠦᠲᠦᠭᠡᠨ ᠪᠠᠶᠢᠭᠤᠯᠵᠤ᠂ ᠤᠳᠤ ᠨᠢᠭᠡᠨᠲᠡ ᠭᠠᠵᠠᠷ ᠤᠨ ᠬᠦᠷᠦᠰᠦ ᠶᠢ ᠲᠡᠭᠰᠢᠯᠡᠵᠦ᠂ ᠰᠠᠭᠤᠷᠢ ᠲᠠᠯᠪᠢᠬᠤ ᠵᠡᠷᠭᠡ ᠪᠠᠷᠢᠯᠭ᠎ᠠ ᠶᠢᠨ ᠠᠵᠢᠯ ᠶᠠᠪᠤᠭᠳᠠᠵᠤ ᠪᠤᠢ᠃ ᠠᠰᠢᠭᠯᠠᠯᠲᠠ ᠳᠤ ᠣᠷᠤᠭᠰᠠᠨ ᠤ ᠳᠠᠷᠠᠭ᠎ᠠ ᠦᠪᠦᠷ ᠮᠤᠩᠭᠤᠯ ᠤᠨ ᠴᠡᠷᠢᠭ ᠠᠷᠠᠳ ᠠᠭᠤᠰᠤᠯᠴᠠᠭᠰᠠᠨ ᠠᠮᠤ ᠬᠦᠨᠡᠰᠦᠨ ᠤ ᠪᠠᠴᠢᠮ ᠢ ᠠᠷᠭᠠᠴᠠᠬᠤ ᠲᠤᠭᠲᠠᠴᠠ ᠶᠢ ᠪᠦᠷᠢᠯᠳᠦᠭᠦᠯᠵᠦ᠂ ᠴᠡᠷᠢᠭ  ᠤᠨ ᠭᠠᠵᠠᠷ ᠣᠷᠤᠨ ᠤ ᠡᠭᠢ ᠪᠠᠶᠠᠯᠢᠭ ᠢ ᠨᠡᠶᠢᠯᠡᠯᠴᠡᠭᠦᠯᠬᠦ ᠪᠠ ᠰᠢᠰᠲ᠋ᠧᠮ ᠤᠨ ᠪᠠᠴᠢᠮ ᠢ ᠠᠷᠭᠠᠴᠠᠬᠤ ᠴᠢᠳᠠᠪᠤᠷᠢ ᠶᠢᠨ ᠴᠢᠬᠤᠯᠠ ᠪᠠᠲᠤᠯᠠᠭ᠎ᠠ ᠪᠣᠯᠬᠤ ᠪᠤᠯᠤᠨ᠎ᠠ᠃ ᠤᠷᠢᠳᠴᠢᠯᠠᠨ ᠵᠢᠱᠢᠯᠲᠡ ᠪᠠᠷ ᠤᠨ ᠤ ᠠᠰᠢᠭ ᠣᠷᠤᠯᠭ᠎ᠠ ᠨᠢ 1900 ᠲᠦᠮᠡᠨ ᠲᠦᠭᠦᠷᠢᠭ ᠬᠦᠷᠬᠦ ᠪᠣᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号