ᠬᠤᠩᠱᠠᠨ ᠲᠣᠭᠤᠷᠢᠭ ᠲᠤᠭᠤᠷᠢᠭ ᠤᠨ 28 ᠡᠷᠦᠬᠡ ᠬᠤᠷᠢᠮ ᠨᠠᠶᠢᠷ ᠳᠠᠭᠠᠭᠠᠴᠢᠯᠠᠨ ᠬᠢᠬᠦ ᠴᠢᠳᠠᠮᠵᠢ ᠪᠦᠬᠦᠢ ᠢᠳᠡᠭᠡᠨ ᠤᠮᠳᠠᠭᠠᠨ ᠤ ᠠᠵᠣ ᠦᠢᠯᠡᠰ ᠲᠤ ᠢᠳᠡᠭᠡᠨ ᠤ ᠠᠶᠦᠯᠭᠦᠢ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠲᠤ ᠶᠢᠨ ᠶᠠᠷᠢᠯᠴᠠᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/7/27
       ᠲᠤᠰ ᠤᠳᠠᠭᠠᠨ ᠤ ᠶᠠᠷᠢᠯᠴᠠᠯᠭ᠎ᠠ ᠳᠤ ᠢᠳᠡᠭᠡᠨ ᠤᠮᠳᠠᠭᠠᠨ ᠤ ᠡᠵᠡᠩᠨᠡᠭᠴᠢ ᠶᠢᠨ ᠡᠮᠦᠨ᠎ᠡ ᠬᠤᠭᠤᠴᠠᠭᠠᠨ ᠤ ᠦᠷᠨᠢᠭᠦᠯᠦᠭᠰᠡᠨ ᠪᠠᠶᠢᠴᠠᠭᠠᠯᠲᠠ ᠳᠤ ᠤᠷᠤᠰᠢᠵᠤ ᠪᠠᠶᠢᠭ᠎ᠠ ᠭᠤᠣᠯ ᠠᠰᠠᠭᠤᠳᠠᠯ ᠢ ᠮᠡᠳᠡᠭᠳᠡᠵᠦ᠂ ᠬᠠᠮᠢᠶ᠎ᠠ ᠪᠦᠬᠦᠢ ᠠᠵᠤ ᠠᠬᠤᠶᠢᠯᠠᠯ ᠳᠤ ︽ᠬᠢᠨᠠᠨ ᠪᠠᠶᠢᠴᠠᠭᠠᠯᠲᠠ ᠶᠢᠨ ᠰᠠᠨᠠᠯ ᠤᠨ ᠪᠢᠴᠢᠭ︾ ᠢ ᠪᠠᠭᠤᠯᠭᠠᠵᠤ᠂ ᠡᠯ᠎ᠡ ᠨᠢᠭᠡᠴᠡ ᠦᠪᠡᠷᠲᠡᠭᠡᠨ ᠪᠠᠶᠢᠴᠠᠭᠠᠨ ᠵᠠᠯᠠᠷᠠᠭᠤᠯᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠬᠡᠵᠦ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠠᠵᠢᠯᠲᠠᠨ ᠤ ᠡᠷᠡᠭᠦᠯ ᠴᠢᠬᠢᠷᠠᠭ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠢᠳᠡᠭᠡᠨ ᠢ ᠬᠠᠳᠠᠭᠠᠯᠠᠬᠤ᠂ ᠪᠤᠯᠪᠠᠰᠤᠷᠠᠭᠤᠯᠬᠤ ᠠᠵᠢᠯᠯᠠᠭ᠎ᠠ᠂ ᠢᠳᠡᠭᠡᠨ ᠤᠮᠳᠠᠭᠠᠨ ᠤ ᠰᠠᠪᠠ ᠬᠡᠷᠡᠭᠰᠡᠯ ᠢ ᠠᠷᠢᠭᠤᠳᠬᠠᠬᠤ᠂ ᠬᠤᠭᠤᠯᠠ ᠪᠡᠯᠡᠳᠬᠡᠨ ᠶᠠᠩᠵᠤ ᠦᠯᠡᠳᠡᠭᠡᠬᠦ ᠵᠡᠷᠭᠡ ᠭᠤᠭᠴᠤᠭᠠᠨ  ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠠᠶᠦᠯᠭᠦᠢ ᠶᠢᠨ ᠭᠡᠮ ᠰᠤᠭᠤᠭ ᠢ ᠠᠷᠢᠯᠭᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠳᠦᠷᠢᠮ ᠲᠤᠭᠲᠠᠭᠠᠯ  ᠢ ᠴᠢᠩᠭ᠎ᠠ ᠬᠡᠷᠡᠭᠵᠢᠭᠦᠯᠦᠨ᠂ ᠳᠡᠯᠭᠡᠭᠦᠷ ᠲᠤ ᠢᠷᠡᠭᠰᠡᠳ ᠢ ᠰᠢᠯᠭᠠᠨ᠂ ᠳᠠᠩᠰᠠᠯᠠᠬᠤ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ 28 ᠡᠷᠦᠬᠡ ᠢᠳᠡᠭᠡᠨ ᠤᠮᠳᠠᠭᠠᠨ ᠤ ᠠᠵᠤ ᠦᠢᠯᠡᠰ ᠲᠠᠢ ︽ᠠᠷᠪᠢᠯᠠᠨ ᠭᠠᠮᠨᠠᠬᠤ ᠶᠢ ᠡᠷᠬᠢᠮᠯᠡᠨ᠂ ᠪᠦᠷᠢᠯᠭᠡᠨ ᠰᠦᠢᠳᠬᠡᠬᠦ ᠶᠢ ᠡᠷᠡᠰ ᠲᠡᠪᠴᠢᠬᠦ ᠠᠮᠠᠯᠠᠯᠲᠠ ᠶᠢᠨ ᠪᠢᠴᠢᠭ︾ ᠲᠤᠭᠲᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号