ᠬᠤᠩᠱᠠᠨ ᠲᠤᠭᠤᠷᠢᠭ  ᠪᠠᠷᠢᠯᠭ᠎ᠠ ᠶᠢᠨ ᠭᠠᠵᠠᠷ ᠢ ᠬᠦᠷᠢᠶᠡᠯᠡᠬᠦ᠂ ᠨᠡᠶᠢᠭᠡᠮ ᠲᠤᠭᠤᠷᠢᠭ ᠤᠨ ᠤᠬᠠᠭᠤᠯᠭ᠎ᠠ ᠶᠢᠨ  ᠳᠡᠯᠭᠡᠭᠦᠷᠭᠡ ᠵᠠᠷ ᠵᠡᠷᠭᠡ ᠨᠡᠶᠢᠲᠡ ᠶᠢᠨ ᠠᠰᠠᠷᠠᠮᠵᠢ ᠶᠢᠨ ᠵᠠᠷ ᠰᠤᠷᠳᠠᠯᠴᠢᠯᠠᠭ᠎ᠠ  ᠶᠢᠨ ᠬᠠᠮᠢᠶᠠᠷᠤᠯᠲᠠ ᠶᠢᠨ ᠠᠵᠢᠯ ᠢ ᠢᠳᠡᠪᠬᠢᠲᠡᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2022/7/28
       ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠵᠠᠷ ᠰᠤᠷᠳᠠᠯᠴᠢᠯᠠᠭ᠎ᠠ ᠦᠷᠬᠦᠯᠵᠢᠯᠡᠨ ᠡᠷᠡᠬᠦᠯ ᠢᠶᠠᠷ ᠬᠦᠭᠵᠢᠬᠦ᠂  ᠨᠡᠶᠢᠲᠡ ᠶᠢᠨ ᠠᠰᠠᠷᠠᠮᠵᠢ ᠶᠢᠨ ᠵᠠᠷ ᠢ ᠬᠦᠢᠴᠡᠤᠨ ᠠᠰᠢᠭᠯᠠᠨ ᠲᠡᠷᠢᠭᠦᠨ ᠤ ᠰᠣᠶᠣᠯ ᠢ ᠳᠠᠮᠵᠢᠭᠤᠯᠣᠨ᠂ ᠨᠡᠶᠢᠭᠡᠮ ᠤᠨ ᠰᠢᠨ᠎ᠡ ᠰᠤᠷᠳᠠᠯ ᠤᠨ ᠴᠢᠬᠤᠯᠠ ᠣᠶᠢᠯᠡᠳᠣᠯ ᠢ ᠪᠠᠳᠠᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠦᠯᠦᠭᠡ᠂ ᠬᠤᠩᠱᠠᠨ ᠲᠤᠭᠤᠷᠢᠭ ᠪᠠᠷᠢᠯᠭ᠎ᠠ ᠶᠢᠨ ᠭᠠᠵᠠᠷ ᠢ ᠬᠦᠷᠢᠶᠡᠯᠡᠬᠦ᠂ ᠨᠡᠶᠢᠭᠡᠮ ᠲᠤᠭᠤᠷᠢᠭ ᠤᠨ ᠤᠬᠠᠭᠤᠯᠭ᠎ᠠ ᠶᠢᠨ ᠳᠡᠯᠭᠡᠭᠦᠷᠭᠡ ᠵᠠᠷ ᠵᠡᠷᠭᠡ ᠨᠡᠶᠢᠲᠡ ᠶᠢᠨ ᠠᠰᠠᠷᠠᠮᠵᠢ ᠶᠢᠨ ᠵᠠᠷ ᠰᠤᠷᠳᠠᠯᠴᠢᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠢᠳᠡᠪᠬᠢᠲᠡᠢ ᠰᠠᠶᠢᠲᠤᠷ ᠬᠢᠪᠡ᠃           ᠨᠢᠭᠡ ᠳᠤ ᠭᠡᠨᠡᠣᠨᠳᠡ ᠶᠢᠨ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷ ᠣᠬᠠᠭᠤᠯᠭ᠎ᠠ ᠶᠢ ᠢᠳᠡᠪᠬᠢᠲᠡᠢ ᠰᠠᠶᠢᠲᠤᠷ ᠬᠢᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠰᠠᠶᠢᠳᠤᠷ ᠬᠢᠵᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂  ︽ᠨᠡᠶᠢᠲᠡ  ᠶᠢᠨ ᠰᠠᠪᠬ᠎ᠠ ᠬᠡᠷᠡᠭᠯᠡᠨ᠂ ᠪᠤᠯᠪᠠᠰᠤᠨ ᠢᠶᠠᠷ ᠬᠤᠭᠤᠯᠠᠯᠠᠵᠤ᠂ ᠡᠷᠡᠭᠦᠯ ᠠᠮᠢᠳᠤᠷᠠᠬᠤ︾ ᠭᠤᠣᠯ ᠰᠡᠳᠦᠪ ᠤᠨ ᠲᠣᠭᠤᠷᠢᠨ ᠳᠤ ᠬᠤᠲᠠ ᠶᠢᠨ LED ᠡᠯᠧᠺᠲᠷᠤᠨ ᠳᠡᠯᠭᠡᠴᠡ ᠵᠡᠷᠭᠡ ᠭᠠᠵᠠᠷ ᠲᠤ ᠰᠢᠨ᠎ᠡ ᠲᠢᠲᠡᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠮᠡᠳᠡᠯᠭᠡ ᠵᠢᠴᠢ ᠨᠡᠶᠢᠲᠡ ᠶᠢᠨ ᠰᠠᠪᠬ᠎ᠠ ᠬᠠᠯᠪᠠᠭ᠎ᠠ ᠶᠢ ᠬᠡᠷᠡᠭᠯᠡᠬᠦ ᠶᠢ ᠤᠷᠢᠶᠠᠯᠠᠭᠰᠠᠨ ᠰᠤᠷᠲᠠᠯ ᠤᠬᠠᠭᠤᠯᠭ᠎ᠠ ᠶᠢ ᠨᠡᠪᠲᠡᠷᠡᠭᠦᠯᠪᠡ᠃        ᠬᠤᠶᠠᠷ ᠲᠤ ᠪᠠᠷᠢᠯᠭ᠎ᠠ ᠶᠢᠨ ᠭᠠᠵᠠᠷ ᠢ ᠬᠦᠷᠢᠶᠡᠯᠡᠭᠰᠡᠨ ᠨᠡᠶᠢᠲᠡ ᠶᠢᠨ ᠠᠰᠠᠷᠠᠮᠵᠢ ᠶᠢᠨ ᠵᠠᠷ ᠰᠤᠷᠲᠠᠯᠴᠢᠯᠠᠭ᠎ᠠ  ᠶᠢᠨ ᠬᠠᠷᠢᠴᠠᠯ ᠢ ᠪᠠᠲᠤᠯᠠᠬᠤ ᠶᠢ ᠴᠢᠩᠭ᠎ᠠ ᠨᠠᠶᠢᠳᠠᠪᠤᠷᠢᠵᠢᠭᠤᠯᠪᠠ᠃ ︽ᠪᠣᠯᠪᠠᠰᠤᠨ ᠪᠠᠷᠢᠯᠭ᠎ᠠ ᠶᠢᠨ ᠭᠠᠵᠠᠷ ᠤᠨ ᠬᠦᠷᠢᠶᠡᠯᠡᠯᠲᠡ ᠶᠢ ᠲᠤᠬᠢᠷᠠᠭᠤᠯᠬᠤ ᠬᠦᠲᠦᠴᠢ︾ ᠶᠢ ᠦᠨᠳᠦᠰᠦᠯᠡᠨ᠂ ᠪᠠᠷᠢᠯᠭ᠎ᠠ ᠶᠢᠨ ᠭᠠᠵᠠᠷ ᠢ ᠬᠦᠷᠢᠶᠡᠯᠡᠬᠦ ᠵᠠᠷ ᠰᠤᠷᠲᠠᠯᠴᠢᠯᠠᠭ᠎ᠠ ᠶᠢᠨ ᠬᠠᠷᠢᠴᠠᠯ ᠢ ᠪᠠᠲᠤᠯᠠᠬᠤ ᠶᠢ ᠴᠢᠩᠭ᠎ᠠ ᠱᠠᠭᠠᠷᠳᠠᠪᠠ᠃ ᠡᠭᠦᠨ ᠤ ᠬᠠᠮᠲᠤ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠡᠪᠳᠡᠷᠡᠵᠦ ᠬᠠᠭᠤᠴᠢᠷᠠᠭᠰᠠᠨ᠂ ᠳᠤᠲᠠᠵᠤ ᠭᠡᠭᠡᠭᠳᠡᠭᠰᠡᠨ ᠨᠡᠶᠢᠲᠡ ᠶᠢᠨ ᠠᠰᠠᠷᠠᠮᠵᠢ ᠶᠢᠨ ᠵᠠᠷ ᠰᠤᠷᠲᠠᠯᠴᠢᠯᠠᠭ᠎ᠠ ᠳᠤ ᠬᠦᠳᠡᠯᠦᠩᠭᠦᠢ ᠬᠠᠮᠢᠶᠠᠷᠤᠯᠲᠠ ᠬᠡᠷᠡᠭᠵᠢᠭᠦᠯᠦᠨ᠂ ᠴᠠᠭ ᠲᠤᠬᠠᠢ ᠳᠤ ᠨᠢ ᠴᠠᠭᠳᠠᠨ ᠢᠯᠡᠷᠡᠭᠦᠯᠵᠦ᠂ ᠪᠠᠷᠢᠨ ᠳᠤᠤᠷ᠎ᠠ ᠨᠢ ᠱᠠᠪᠳᠠᠨ ᠴᠡᠭᠴᠡᠯᠡᠭᠦᠯᠵᠦ᠂ ︽ᠪᠤᠬᠢᠷᠳᠤᠯ ᠦᠭᠡᠢ᠂ ᠡᠮᠬᠢ ᠴᠡᠭᠴᠡ ᠲᠠᠢ᠂ ᠴᠡᠪᠡᠷ ᠲᠡᠭᠰᠢ︾ ᠪᠠᠷᠢᠯᠭ᠎ᠠ ᠶᠢᠨ ᠲᠠᠯᠠᠪᠤᠷ ᠢ ᠴᠢᠷᠮᠠᠶᠢᠨ ᠪᠠᠶᠢᠭᠤᠯᠪᠠ᠃        ᠭᠤᠷᠪᠠ ᠳᠤ ᠨᠡᠶᠢᠲᠡ ᠶᠢᠨ ᠠᠰᠠᠷᠠᠮᠵᠢ ᠶᠢᠨ ᠵᠠᠷ ᠰᠤᠷᠲᠠᠯᠴᠢᠯᠠᠭ᠎ᠠ ᠶᠢᠨ ᠰᠠᠭᠤᠷᠢᠨ ᠤ ᠪᠠᠶᠢᠭᠤᠯᠤᠯᠲᠠ ᠶᠢ ᠬᠦᠴᠦᠯᠡᠨ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠭᠤᠤᠯ ᠪᠤᠯᠬᠤ ᠦᠷᠲᠡᠭ ᠤᠨ ᠦᠵᠡᠯᠲᠡ ᠪᠠ ᠪᠤᠯᠪᠠᠰᠤᠨ ᠰᠢᠨ᠎ᠡ ᠰᠤᠷᠲᠠᠯ ᠢ ᠣᠷᠭᠠᠨᠢᠭ ᠢᠶᠠᠷ ᠣᠯᠠᠨ ᠲᠦᠮᠡᠨ ᠤ ᠠᠮᠢᠳᠤᠷᠠᠯ ᠠᠬᠤᠢ ᠳᠤ ᠤᠶᠠᠯᠳᠤᠭᠤᠯᠤᠨ᠂ ᠤᠨᠴᠠᠯᠢᠭᠲᠤ ᠨᠡᠶᠢᠲᠡ  ᠶᠢᠨ ᠠᠰᠠᠷᠠᠮᠵᠢ ᠶᠢᠨ ᠵᠠᠷ ᠰᠤᠷᠲᠠᠯᠴᠢᠯᠠᠭ᠎ᠠ ᠶᠢᠨ ᠰᠠᠭᠤᠷᠢᠨ ᠤ ᠪᠠᠶᠢᠭᠤᠯᠤᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠨᠡᠶᠢᠭᠡᠮ ᠲᠤᠭᠤᠷᠢᠭ ᠲᠤ 15 ᠤᠬᠠᠭᠤᠯᠭ᠎ᠠ  ᠶᠢᠨ ᠭᠠᠵᠠᠷ ᠲᠤᠬᠢᠷᠠᠭᠤᠯᠵᠤ᠂ ᠰᠢᠲᠠᠮᠠᠬᠠᠢ ᠬᠡᠢ ᠶᠢᠨ ᠠᠶᠤᠯᠭᠦᠢ ᠶᠢᠨ ᠮᠡᠳᠡᠯᠭᠡ ᠶᠢ ᠭᠤᠤᠯᠳᠠᠯᠭ᠎ᠠ ᠲᠠᠢ ᠤᠬᠠᠭᠤᠯᠵᠤ᠂ ᠤᠯᠠᠨ ᠲᠥᠮᠡᠨ ᠤ ᠠᠶᠦᠯᠭᠦᠢ ᠶᠢᠨ ᠤᠬᠠᠮᠰᠠᠷ ᠢ ᠳᠡᠭᠡᠭᠰᠢᠯᠡᠭᠦᠯᠪᠡ᠃        ᠳᠦᠷᠪᠡ ᠳᠤ ᠴᠠᠭᠲᠠᠨ ᠪᠠᠶᠢᠴᠠᠭᠠᠬᠤ ᠶᠢ ᠴᠢᠩᠭᠠᠳᠬᠠᠨ᠂ ᠨᠡᠶᠢᠲᠡ ᠶᠢᠨ ᠠᠰᠠᠷᠠᠮᠵᠢ ᠶᠢᠨ ᠵᠠᠷ ᠰᠤᠷᠲᠠᠯᠴᠢᠯᠠᠭ᠎ᠠ ᠶᠢᠨ ᠨᠦᠬᠦᠵᠦ ᠵᠠᠯᠠᠷᠠᠭᠤᠯᠬᠤ ᠠᠵᠢᠯ ᠢ ᠰᠠᠶᠢᠲᠤᠷ ᠬᠢᠪᠡ᠃ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ᠂ ᠲᠤᠤᠷᠵᠢᠭᠰᠠᠨ ᠬᠠᠮᠢᠶᠠᠷᠤᠯᠲᠠ ᠳᠤ ᠲᠤᠯᠭᠠᠭᠤᠷᠢᠯᠠᠵᠤ᠂ ᠬᠤᠲᠠ ᠲᠤᠭᠤᠷᠢᠭ ᠤᠨ ᠨᠡᠶᠢᠲᠡ ᠶᠢᠨ ᠠᠰᠠᠷᠠᠮᠵᠢ ᠶᠢᠨ ᠵᠠᠷ ᠰᠤᠷᠲᠠᠯᠴᠢᠯᠠᠭ᠎ᠠ ᠶᠢᠨ ᠵᠦᠢᠯᠡᠰ ᠢ ᠪᠠᠶᠢᠴᠠᠭᠠᠵᠤ᠂ ᠡᠪᠲᠡᠷᠡᠵᠦ ᠬᠠᠭᠤᠴᠢᠷᠠᠭᠰᠠᠨ ᠢ ᠰᠡᠯᠪᠢᠨ ᠵᠠᠰᠠᠵᠤ ᠰᠢᠨᠡᠳᠬᠡᠨ᠂ ᠨᠡᠶᠢᠲᠡ 375 ᠲᠡᠭᠰᠢ ᠳᠦᠷᠪᠡᠯᠵᠢᠨ ᠮᠧᠲᠷ ᠬᠠᠭᠤᠴᠢᠨ ᠬᠦᠷᠢᠶ᠎ᠡ᠂ 2750 ᠲᠡᠭᠰᠢ ᠳᠦᠷᠪᠡᠯᠵᠢᠨ ᠮᠧᠲᠷ ᠬᠠᠯᠬᠠᠪᠴᠢ᠂ 187 ᠨᠡᠶᠢᠲᠡ ᠶᠢᠨ ᠠᠰᠠᠷᠠᠮᠵᠢ ᠶᠢᠨ ᠵᠠᠷ ᠰᠤᠷᠲᠠᠯᠴᠢᠯᠠᠭ᠎ᠠ ᠶᠢ ᠰᠡᠯᠪᠢᠨ ᠰᠢᠨᠡᠳᠬᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号