ᠪᠦᠬᠦ ᠬᠤᠲᠠ ᠶᠢᠨ ᠠᠩᠬᠠᠳᠤᠭᠠᠷ ᠪᠦᠯᠦᠭ ᠰᠢᠮ᠎ᠡ ᠲᠡᠵᠢᠭᠡᠯᠲᠦ ᠡᠷᠡᠭᠦᠯ ᠬᠤᠭᠤᠯᠠᠨ ᠭᠡᠷ ︵ᠬᠤᠭᠤᠯᠠᠨ ᠲᠢᠩᠬᠢᠮ︶ ᠢ ᠪᠠᠶᠢᠭᠤᠯᠬᠤ ᠠᠵᠢᠯ ᠶᠠᠭ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠤᠰᠤᠭᠠᠷ ᠴᠠᠭ ᠬᠤᠪᠢᠶᠠᠨ ᠱᠠᠲᠤ ᠬᠤᠪᠢᠶᠠᠵᠤ ᠠᠬᠢᠭᠤᠯᠪᠠ
ᠨᠡᠶᠢᠲᠡᠯᠡᠭᠰᠡᠨ ᠴᠠᠭ᠄
2022/7/6
       ᠪᠦᠬᠦ ᠬᠤᠲᠠ ᠶᠢᠨ ᠠᠩᠬᠠᠳᠤᠭᠠᠷ ᠪᠦᠯᠦᠭ ᠰᠢᠮ᠎ᠡ ᠲᠡᠵᠢᠭᠡᠯᠲᠦ ᠡᠷᠡᠭᠦᠯ ᠬᠤᠭᠤᠯᠠᠨ ᠭᠡᠷ ︵ᠬᠤᠭᠤᠯᠠᠨ ᠲᠢᠩᠬᠢᠮ︶ ᠢ ᠪᠠᠶᠢᠭᠤᠯᠬᠤ ᠠᠵᠢᠯ ᠶᠠᠭ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠤᠰᠤᠭᠠᠷ ᠴᠠᠭ ᠬᠤᠪᠢᠶᠠᠨ ᠱᠠᠲᠤ ᠬᠤᠪᠢᠶᠠᠵᠤ ᠠᠬᠢᠭᠤᠯᠪᠠ᠃ ᠬᠤᠩᠱᠠᠨ ᠲᠣᠭᠤᠷᠢᠭ ᠪᠣᠯ ᠪᠦᠬᠦ ᠬᠤᠲᠠ ᠶᠢᠨ ᠠᠩᠬᠠᠳᠤᠭᠠᠷ ᠲᠤᠷᠰᠢᠨ ᠬᠡᠷᠡᠭᠵᠢᠭᠦᠯᠦᠭᠴᠢ ᠪᠠᠶᠢᠵᠤ᠂ 5 ᠰᠠᠷ᠎ᠠ ᠳᠤ ᠵᠢᠩᠬᠢᠨᠢ ᠪᠠᠷ ᠡᠬᠢᠯᠡᠭᠦᠯᠪᠡ᠃ ᠤᠳᠤ ᠨᠢᠭᠡᠨᠲᠡ 2 ᠤᠳᠠᠭᠠᠨ ᠤ ᠤᠨᠤᠯ  ᠤᠨ ᠪᠣᠯᠪᠠᠰᠤᠷᠠᠭᠤᠯᠤᠯ ᠢ ᠦᠷᠨᠢᠭᠦᠯᠵᠦ᠂ ᠤᠷᠢᠳ ᠬᠤᠵᠢᠳ ᠪᠤᠳᠠᠲᠠᠢ ᠠᠵᠢᠯᠯᠠᠭᠠᠨ ᠤ ᠱᠠᠲᠤᠨ ᠳᠤ ᠣᠷᠤᠪᠠ᠃ ᠤᠳᠤᠬᠠᠨ ᠳᠤ ᠨᠢᠭᠡᠨᠲᠡ ᠪᠠᠶᠢᠭᠤᠯᠤᠭᠰᠠᠨ ᠬᠤᠭᠤᠯᠠ ᠤᠮᠳᠠᠭᠠᠨ ᠤ ᠠᠵᠤ ᠠᠬᠤᠶᠢᠯᠠᠯ 4 ᠡᠷᠦᠬᠡ ᠪᠤᠢ᠃ ᠤᠷᠢᠳᠴᠢᠯᠠᠨ ᠵᠢᠱᠢᠯᠲᠡ ᠪᠠᠷ 7 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠮ᠎ᠡ ᠲᠡᠵᠢᠭᠡᠯᠲᠦ ᠡᠷᠡᠭᠦᠯ ᠬᠤᠭᠤᠯᠠᠨ ᠲᠢᠩᠬᠢᠮ ᠤᠨ ᠪᠦᠬᠦ ᠰᠤᠶᠤᠯ ᠤᠨ ᠤᠷᠤᠨ ᠢ ᠪᠠᠶᠢᠭᠤᠯᠬᠤ ᠠᠵᠢᠯ ᠤᠨ ᠠᠭᠤᠯᠭ᠎ᠠ ᠶᠢ ᠵᠢᠩᠬᠢᠨᠢ ᠪᠠᠷ ᠪᠡᠶᠡᠯᠡᠭᠦᠯᠦᠨ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠨᠤᠭᠤᠭ᠎ᠠ ᠵᠠᠭᠤᠰᠢᠨ ᠤ ᠰᠢᠮ᠎ᠡ ᠲᠡᠵᠢᠭᠡᠯ ᠢ ᠢᠯᠡ ᠨᠡᠶᠢᠲᠡᠯᠡᠵᠦ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠮ᠎ᠡ ᠲᠡᠵᠢᠭᠡᠯ ᠤᠨ ᠮᠡᠷᠭᠡᠵᠢᠯ ᠢ ᠳᠡᠭᠡᠭᠰᠢᠯᠡᠭᠦᠯᠦᠨ᠂ 12 ᠰᠠᠷ᠎ᠠ ᠶᠢᠨ ᠰᠡᠭᠦᠯᠴᠢ ᠠᠴᠠ ᠡᠮᠦᠨ᠎ᠡ ᠤᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠤᠭᠤᠯᠠ ᠵᠠᠭᠤᠰᠢ ᠶᠢ ᠰᠤᠳᠤᠯᠤᠨ ᠲᠤᠭᠲᠠᠭᠠᠬᠤ ᠪᠠ ᠬᠢᠨᠠᠨ ᠲᠤᠭᠲᠠᠭᠠᠯ ᠤᠨ ᠱᠠᠲᠤᠨ ᠳᠤ ᠤᠷᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号