ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠪᠣᠯᠤᠨ ᠱᠧᠨ᠋ᠵᠧᠨ ᠤ ᠡᠾᠦ᠋ᠨ ᠳ᠋ᠦᠨ ᠲᠤᠭᠠᠴᠢᠯᠠᠭᠰᠠᠨ ᠲᠤᠷᠰᠢᠯᠲᠠ ᠶᠢᠨ ᠲᠠᠰᠤᠭ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ︽ᠨᠡᠭᠦᠷᠡᠰᠦᠲᠦ᠋ᠷᠦᠭᠴᠢ ᠦᠭᠡᠢ ᠬᠤᠲᠠ — ᠪᠤᠬᠢᠷᠳᠤᠯ ᠦᠭᠡᠢ ᠡᠨᠧᠷᠭᠢ ᠶᠢᠨ ᠠᠮᠢ ᠠᠬᠤᠢ︾ ᠶᠢᠨ ᠲᠦᠷᠦᠯ ᠵᠦᠢᠯ ᠤᠨ ᠭᠡᠷ᠎ᠡ ᠲᠤᠭᠲᠠᠪᠠ
ᠨᠡᠶᠢᠲᠡᠯᠡᠭᠰᠡᠨ ᠴᠠᠭ᠄
2022/8/12
       ᠲᠥᠯᠦᠪᠯᠡᠭᠰᠡᠨ ᠢᠶᠠᠷ ᠲᠤᠰ ᠲᠦᠷᠦᠯ ᠵᠦᠢᠯ ᠨᠢ ᠬᠤᠩᠱᠠᠨ ᠲᠤᠭᠤᠷᠢᠭ ᠤᠨ ᠡᠮᠦᠨ᠎ᠡ ᠬᠡᠰᠡᠭ ᠲᠤ ᠲᠤᠮᠤ ᠬᠡᠯᠪᠡᠷᠢ ᠶᠢᠨ ᠰᠢᠯᠤᠭᠤᠨ ᠲᠡᠩᠭᠡᠯᠢᠭᠲᠦ ᠰᠠᠯᠬᠢᠨ ᠢᠶᠠᠷ ᠴᠠᠬᠢᠯᠭᠠᠨ ᠭᠠᠷᠭᠠᠬᠤ ᠴᠠᠮᠬᠠᠭ ᠪᠠᠶᠢᠭᠤᠯᠵᠤ᠂ ᠤᠨᠴᠠ ᠳᠡᠰ  ᠤᠨ ᠴᠡᠨᠡᠭᠯᠡᠬᠦ ᠦᠷᠲᠡᠭᠡ᠂ ᠤᠨᠴᠠ ᠳᠡᠰ ᠤᠨ ᠳᠦᠷᠢᠶᠡᠰᠦᠯᠡᠭᠦᠯᠬᠦ ᠴᠠᠬᠢᠯᠭᠠᠨ ᠦᠷᠲᠡᠭᠡ᠂ ᠰᠠᠯᠬᠢ ᠭᠡᠷᠡᠯ ᠭᠧᠨ ᠤ ᠲᠠᠷᠢᠶᠠᠯᠠᠩ ᠤᠨ ᠲᠠᠯᠠᠪᠠᠢ᠂ ᠰᠠᠯᠬᠢᠨ ᠤ ᠴᠠᠮᠬᠠᠭ ᠤᠨ ᠰᠤᠶᠤᠯ ᠵᠢᠭᠤᠯᠴᠢᠯᠠᠯ᠂ ᠨᠡᠭᠦᠷᠡᠰᠦᠲᠦ᠋ᠷᠦᠭᠴᠢ ᠦᠭᠡᠢ ᠬᠦᠷᠢᠶᠡᠯᠡᠩ ᠲᠤᠭᠤᠷᠢᠭ᠂ ᠨᠡᠭᠦᠷᠡᠰᠦᠲᠦ᠋ᠷᠦᠭᠴᠢ ᠦᠭᠡᠢ ᠵᠢᠵᠢᠭ ᠪᠠᠯᠭᠠᠰᠤ᠂ ᠨᠡᠭᠦᠷᠡᠰᠦᠲᠦ᠋ᠷᠦᠭᠴᠢ ᠦᠭᠡᠢ ᠨᠡᠶᠢᠭᠡᠮ ᠲᠤᠭᠤᠷᠢᠭ ᠵᠡᠷᠭᠡ ᠠᠵᠤ ᠦᠢᠯᠡᠰ ᠤᠨ ᠲᠥᠯᠦᠪ ᠵᠢᠴᠢ ᠢᠵᠢ ᠪᠦᠷᠢᠳᠦᠭᠰᠡᠨ ᠲᠦᠬᠦᠭᠡᠷᠦᠮᠵᠢ ᠶᠢ ᠲᠤᠬᠢᠶᠠᠬᠤ ᠪᠣᠯᠤᠨ᠎ᠠ᠃ ᠡᠭᠦᠨ ᠤ ᠬᠠᠮᠲᠤ ᠪᠡᠯᠡ ᠤᠷᠤᠭᠤᠯᠤᠭᠴᠢ ᠶᠢᠨ ᠲᠥᠯᠦᠪᠯᠡᠭᠰᠡᠨ ᠢᠶᠠᠷ ᠳᠤᠮᠳᠠᠳᠤ ᠤᠯᠤᠰ ᠤᠨ ᠬᠤᠲᠠ  ᠶᠢᠨ ᠠᠷᠠᠯᠵᠢᠶᠠᠨ ᠤ ᠦᠢᠯᠡᠰ ᠤᠨ ᠲᠤᠤᠷᠵᠢᠯ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠯᠪᠤᠭᠠᠲᠤ ᠬᠤᠷᠠᠯ᠂ ᠬᠤᠸᠠ ᠳ᠋ᠠ ᠭᠧᠨ ᠵᠡᠷᠭᠡ ᠰᠢᠯᠢᠳᠡᠭ ᠬᠤᠷᠰᠢᠭᠴᠢ ᠲᠠᠢ ᠬᠤᠯᠪᠤᠭᠠᠯᠠᠨ ᠲᠤᠬᠠᠢ ᠶᠢᠨ ᠭᠠᠵᠠᠷ ᠤᠨ ᠵᠠᠰᠠᠭ ᠤᠨ ᠣᠷᠳᠤᠨ  ᠲᠠᠢ ᠬᠠᠮᠲᠤᠪᠡᠷ ᠨᠡᠭᠦᠷᠡᠰᠦᠲᠦ᠋ᠷᠦᠭᠴᠢ ᠶᠢᠨ ᠬᠠᠮᠢᠶᠠᠷᠤᠯᠲᠠ ᠶᠢᠨ ᠺᠤᠮᠫᠠᠨᠢ᠂ ᠴᠠᠬᠢᠯᠭᠠᠨ ᠬᠦᠴᠦᠨ ᠤ ᠡᠨᠧᠷᠭᠢ ᠶᠢᠨ ᠬᠠᠩᠭᠠᠯᠭ᠎ᠠ ᠶᠢᠨ ᠬᠡᠯᠬᠢᠶᠡᠵᠢᠯ ᠤᠨ ᠺᠤᠮᠫᠠᠨᠢ᠂  ᠬᠤᠲᠠ ᠶᠢᠨ ᠡᠷᠡᠬᠦᠯ ᠴᠢᠬᠢᠷᠠᠭ ᠤᠨ ᠬᠢᠨᠠᠨ ᠰᠢᠯᠭᠠᠯᠲᠠ ᠶᠢᠨ ᠲᠦᠪ ︵ᠬᠤᠲᠠ ᠶᠢᠨ ᠣᠷᠴᠢᠨ ᠲᠤᠭᠤᠷᠢᠨ︶᠂  ᠭᠧᠨ ᠤ ᠳᠠᠷᠠᠭᠠᠯᠠᠯ ᠤᠨ ᠬᠡᠮᠵᠢᠯᠲᠡ ᠶᠢᠨ ᠲᠥᠪ᠂ ᠠᠵᠤ ᠦᠢᠯᠡᠰ ᠤᠨ ᠦᠢᠯᠡᠴᠢᠯᠡᠭᠡᠨ ᠤ ᠲᠦᠪ ᠵᠡᠷᠭᠡ ᠶᠢ ᠪᠠᠶᠢᠭᠤᠯᠤᠨ᠂ ᠪᠤᠬᠢᠷᠳᠤᠯ ᠦᠭᠡᠢ ᠡᠨᠧᠷᠭᠢ ᠶᠢᠨ ᠠᠮᠢ ᠠᠬᠤᠢ ᠶᠢᠨ ᠰᠢᠰᠲ᠋ᠧᠮ ᠢ ᠪᠠᠶᠢᠭᠤᠯᠵᠤ᠂ ᠪᠤᠬᠢᠷᠳᠤᠯ ᠦᠭᠡᠢ ᠡᠨᠧᠷᠭᠢ ᠪᠠᠷ ᠠᠮᠢ ᠠᠬᠤᠢ ᠠᠵᠤ ᠠᠬᠤᠢ ᠶᠢᠨ ᠬᠤᠤᠰ ᠢᠯᠠᠯᠲᠠ ᠶᠢ ᠳᠠᠶᠢᠴᠢᠯᠠᠬᠤ ᠪᠣᠯᠤᠨ᠎ᠠ᠃ ᠲᠦᠷᠦᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ ᠤᠷᠢᠳᠴᠢᠯᠠᠨ ᠵᠢᠱᠢᠯᠲᠡ ᠪᠠᠷ ᠵᠢᠯ ᠤᠨ ᠴᠠᠬᠢᠯᠭᠠᠨ ᠤ ᠪᠤᠷᠤᠯᠠᠭᠤᠯᠭ᠎ᠠ 2 ᠳ᠋ᠦᠩᠰᠢᠭᠤᠷ ᠲᠦᠭᠦᠷᠢᠭ ᠢ ᠳᠠᠪᠠᠵᠤ᠂  ᠠᠷᠠᠯᠵᠢᠶ᠎ᠠ ᠡᠵᠡᠩᠨᠡᠯᠲᠡ ᠶᠢᠨ ᠵᠢᠯ ᠤᠨ ᠠᠰᠢᠭ ᠤᠷᠤᠯᠭ᠎ᠠ 5000 ᠲᠦᠮᠡᠨ ᠲᠦᠭᠦᠷᠢᠭ ᠢ ᠳᠠᠪᠠᠨ᠂ ᠨᠡᠭᠦᠷᠡᠰᠦᠲᠦ᠋ᠷᠦᠭᠴᠢ ᠶᠢᠨ ᠰᠣᠯᠢᠯᠴᠠᠭᠠᠨ ᠤ ᠵᠢᠯ ᠤᠨ ᠠᠰᠢᠭ ᠣᠷᠤᠯᠭ᠎ᠠ 1000 ᠲᠥᠮᠡᠨ ᠲᠦᠭᠦᠷᠢᠭ ᠢ ᠳᠠᠪᠠᠭ᠋ᠤ ᠪᠣᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号