ᠬᠤᠩᠱᠠᠨ ᠲᠤᠭᠤᠷᠢᠭ ᠬᠤᠤᠰ ᠴᠢᠭᠯᠡᠯ ᠢᠶᠠᠷ ᠬᠦᠴᠦᠯᠡᠨ ︽ᠭᠤᠷᠪᠠᠨ ᠪᠠᠶᠢᠷᠢ ᠨᠢᠭᠡ ᠴᠤᠭᠴᠠᠵᠢᠭᠰᠠᠨ︾ ᠲᠠᠷᠢᠶᠠᠯᠠᠩ ᠳᠤ ᠦᠢᠯᠡᠴᠢᠯᠡᠬᠦ ᠲᠠᠪᠴᠠᠩ ᠢ ᠴᠤᠭᠴᠠᠯᠠᠪᠠ
ᠨᠡᠶᠢᠲᠡᠯᠡᠭᠰᠡᠨ ᠴᠠᠭ᠄
2022/8/12
        ᠬᠤᠩᠱᠠᠨ ᠲᠣᠭᠤᠷᠢᠭ ᠰᠢᠨ᠎ᠡ ᠲᠤᠭᠲᠠᠴᠠ ᠪᠠ ᠰᠢᠨ᠎ᠡ ᠲᠦᠷᠦᠯ ᠵᠦᠢᠯ ᠬᠤᠤᠰ ᠴᠢᠭᠯᠡᠯ ᠢᠶᠠᠷ ᠬᠦᠴᠦᠯᠡᠬᠦ  ᠶᠢ ᠪᠠᠷᠢᠮᠲᠠᠯᠠᠨ᠂ ᠪᠦᠬᠦ ᠬᠤᠲᠠ ᠶᠢᠨ ︽ᠭᠤᠷᠪᠠᠨ ᠪᠠᠶᠢᠷᠢ ᠨᠢᠭᠡ ᠴᠤᠭᠴᠠᠵᠢᠭᠰᠠᠨ︾ ᠶᠡᠷᠦᠩᠬᠡᠶᠢᠯᠡᠭᠰᠡᠨ ᠬᠠᠮᠵᠢᠯᠴᠠᠭᠠᠨ ᠤ ᠲᠤᠷᠰᠢᠯᠲᠠ ᠶᠢᠨ ᠴᠡᠭ ᠢ ᠢᠳᠡᠪᠬᠢᠲᠡᠢ ᠲᠡᠮᠡᠴᠡᠵᠦ᠂ ᠦᠢᠯᠡᠳᠪᠦᠷᠢᠯᠡᠯ᠂ ᠬᠠᠩᠭᠠᠨ ᠪᠤᠷᠤᠯᠠᠭᠤᠯᠭ᠎ᠠ ᠂ ᠢᠲᠡᠭᠡᠮᠵᠢ ᠶᠢᠨ ᠬᠠᠮᠵᠢᠯᠴᠠᠭ᠎ᠠ ᠪᠠ ᠬᠦᠳᠡᠭᠡ ᠲᠤᠰᠬᠤᠨ ᠤ ᠡᠳ᠋ ᠬᠦᠷᠦᠩᠭᠡ ᠶᠢᠨ ᠡᠵᠡᠩᠨᠡᠯᠲᠡ ᠬᠠᠮᠢᠶᠠᠷᠤᠯᠲᠠ ᠶᠢ ᠲᠦᠪᠯᠡᠷᠡᠭᠦᠯᠦᠨ᠂ ︽ᠭᠤᠷᠪᠠᠨ ᠪᠠᠶᠢᠷᠢ ᠨᠢᠭᠡ ᠴᠤᠭᠴᠠᠵᠢᠭᠰᠠᠨ︾ ᠶᠡᠷᠦᠩᠬᠡᠶᠢᠯᠡᠭᠰᠡᠨ ᠲᠠᠪᠴᠠᠩ ᠢ ᠴᠤᠭᠴᠠᠯᠠᠨ᠂ ᠤᠯᠠᠨ ᠲᠦᠮᠡᠨ ᠳᠤ ᠣᠯᠠᠨ ᠳᠡᠰ ᠳᠠᠪᠬᠤᠷᠭ᠎ᠠ᠂ ᠣᠯᠠᠨ ᠶᠠᠩᠵᠤᠴᠢᠯᠠᠭᠰᠠᠨ᠂ ᠳᠦᠭᠦᠮ ᠲᠦᠳᠡ ᠬᠦᠷᠲᠡᠭᠡᠮᠵᠢᠲᠦ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠶᠢ ᠬᠠᠩᠭᠠᠪᠠ᠃        ᠨᠢᠭᠡ ᠳᠤ ᠲᠤᠭᠲᠠᠴᠠ ᠶᠢᠨ ᠰᠢᠨ᠎ᠡ ᠶᠢ ᠡᠭᠦᠳᠬᠦ ᠪᠠᠷ ᠭᠠᠷᠳᠠᠴᠠ ᠪᠤᠯᠭᠠᠨ᠂ ᠨᠢᠭᠡᠨ ᠰᠠᠯᠠᠭ᠎ᠠ 15 ᠬᠦᠮᠦᠨ ᠪᠦᠬᠦᠢ ᠲᠤᠰᠬᠠᠢ ᠮᠡᠷᠭᠡᠵᠢᠯ ᠤᠨ ᠠᠵᠢᠯᠯᠠᠭᠠᠨ ᠤ ᠪᠦᠯᠬᠦᠮ ᠢ ᠪᠤᠶᠢᠵᠢᠭᠤᠯᠵᠤ᠂ 212 ᠮᠧᠬᠠᠨᠢᠭᠴᠢᠯᠠᠭᠰᠠᠨ ᠲᠤᠰᠬᠠᠢ ᠮᠡᠷᠭᠡᠵᠢᠯ ᠤᠨ ᠲᠠᠷᠢᠵᠤ ᠤᠷᠭᠤᠭᠤᠯᠬᠤ ᠡᠩᠨᠡᠭᠡ ᠶᠢ ᠪᠠᠶᠢᠭᠤᠯᠵᠤ᠂ ᠵᠤᠬᠢᠶᠠᠨ ᠪᠠᠶᠢᠭᠤᠯᠤᠯᠲᠠ ᠪᠦᠬᠦᠢ ᠬᠠᠮᠵᠢᠯᠴᠠᠭ᠎ᠠ ᠪᠠᠷ ᠳᠡᠮᠵᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠠᠮᠲᠤᠷᠠᠯᠴᠠᠭᠠᠨ ᠤ ᠨᠢᠭᠡᠲᠦᠭᠰᠡᠨ ᠬᠦᠴᠦᠨ ᠢ ᠪᠦᠷᠢᠯᠳᠦᠭᠦᠯᠬᠦ ᠶᠢ ᠠᠬᠢᠭᠤᠯᠪᠠ᠃        ᠬᠤᠶᠠᠷ ᠲᠤ ︽ᠰᠦᠯᠵᠢᠶᠡᠨ ᠤ + ᠪᠤᠳᠠᠲᠠᠢ︾  ᠢᠵᠢᠯ ᠠᠯᠬᠤᠮ ᠢᠶᠠᠷ ᠶᠠᠪᠤᠭᠳᠠᠭᠤᠯᠬᠤ ᠶᠢ ᠴᠢᠩᠭᠠᠳᠬᠠᠨ᠂ ᠭᠤᠷᠪᠠᠳᠤᠭᠠᠷ ᠡᠲᠡᠭᠡᠳ ᠤᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠵᠤᠬᠢᠴᠠᠭᠤᠯᠤᠨ᠂ ᠦᠢᠯᠡᠳᠪᠦᠷᠢ ᠶᠢᠨ ᠲᠠᠰᠤᠭ ᠤᠨ ᠰᠢᠭᠤᠳ ᠨᠡᠪᠲᠡᠷᠡᠭᠦᠯᠭᠡ᠂ ᠬᠤᠲᠠᠨ ᠲᠤᠲᠤᠷ᠎ᠠ ᠲᠠᠷᠢᠶᠠᠯᠠᠩ ᠤᠨ ᠪᠦᠲᠦᠭᠡᠭᠳᠡᠭᠦᠨ ᠢ ᠲᠤᠬᠢᠷᠠᠭᠤᠯᠤᠨ ᠬᠦᠷᠭᠡᠬᠦ ᠵᠡᠷᠭᠡ ᠬᠦᠭᠵᠢᠯᠲᠡ ᠶᠢᠨ ᠠᠷᠭ᠎ᠠ ᠵᠠᠮ ᠢ ᠡᠷᠢᠯᠬᠢᠯᠡᠵᠦ᠂ ᠲᠤᠰᠬᠠᠢ ᠮᠡᠷᠭᠡᠵᠢᠯ ᠤᠨ ᠡᠩᠨᠡᠭᠡᠨ  ᠤ ᠳᠠᠶᠢᠴᠢᠯᠠᠬᠤ ᠪᠠ ᠵᠤᠬᠢᠶᠠᠨ ᠪᠠᠶᠢᠭᠤᠯᠬᠤ ᠦᠢᠯᠡᠳᠦᠯ ᠢ ᠪᠠᠳᠠᠷᠠᠭᠤᠯᠵᠤ᠂ ᠬᠠᠩᠭᠠᠨ ᠪᠤᠷᠤᠯᠠᠭᠤᠯᠭ᠎ᠠ ᠶᠢᠨ ᠢᠯᠭᠤᠮ ᠵᠠᠮ ᠢ ᠨᠡᠪᠲᠡᠷᠡᠭᠦᠯᠦᠨ᠂ ᠲᠠᠷᠢᠶᠠᠴᠢᠨ ᠡᠷᠦᠬᠡ ᠶᠢᠨ 110 ᠲᠥᠮᠡᠨ ᠲᠦᠭᠦᠷᠢᠭ ᠤᠨ ᠦᠷᠲᠡᠭ ᠪᠦᠬᠦᠢ ᠦᠢᠯᠡᠳᠪᠦᠷᠢᠯᠡᠯ ᠠᠮᠢᠳᠤᠷᠠᠯ ᠤᠨ ᠡᠳ᠋ ᠪᠤᠳᠠᠰ ᠢ ᠨᠢᠭᠡᠲᠦᠯᠲᠡᠢ ᠬᠤᠳᠠᠯᠳᠤᠭᠠᠯᠠᠵᠤ᠂ ᠡᠷᠬᠡ ᠪᠦᠷᠢ 440 ᠲᠦᠭᠦᠷᠢᠭ  ᠤᠨ ᠪᠡᠯᠡ ᠮᠦᠩᠭᠦ ᠠᠷᠪᠢᠯᠠᠪᠠ᠃        ᠭᠤᠷᠪᠠ ᠳᠤ ᠪᠠᠩᠬᠢ ᠢᠳᠡᠭᠡᠮᠵᠢ ᠶᠢᠨ ᠰᠠᠯᠠᠭ᠎ᠠ ᠮᠦᠴᠢᠷ ᠲᠠᠢ ᠵᠤᠯᠭᠠᠯᠴᠠᠭᠤᠯᠤᠨ ᠪᠦᠬᠦᠶᠢᠯᠡ ᠲᠤᠰᠬᠤᠨ  ᠳᠤ ᠢᠲᠡᠭᠡᠮᠵᠢ ᠣᠯᠭᠤᠬᠤ ᠪᠠᠷ ᠲᠥᠯᠦᠪᠯᠡᠨ᠂ ᠣᠷᠴᠢᠨ ᠲᠤᠭᠤᠷᠢᠨ ᠤ ᠴᠡᠭᠴᠡᠯᠡᠨ ᠵᠠᠰᠠᠯᠲᠠ ᠪᠠ ᠡᠬᠢ ᠪᠠᠶᠠᠯᠢᠭ ᠢ ᠬᠦᠷᠦᠩᠭᠡᠵᠢᠭᠦᠯᠬᠦ ᠦᠨᠡᠯᠡᠯᠲᠡ ᠶᠢ ᠲᠦᠷᠭᠡᠪᠴᠢᠯᠡᠨ ᠠᠬᠢᠭᠤᠯᠵᠤ᠂ ᠢᠲᠡᠭᠡᠮᠵᠢ ᠶᠢᠨ ᠬᠠᠷᠰᠢ ᠰᠠᠭᠠᠳ ᠢ ᠡᠮᠬᠢ ᠵᠢᠷᠦᠮ  ᠲᠠᠢ ᠪᠠᠷ ᠢᠯᠡᠨ ᠳᠠᠪᠠᠵᠤ᠂ ᠡᠳ᠋ ᠬᠦᠷᠦᠩᠭᠡ ᠶᠢᠨ ᠳᠠᠩᠰᠠ ᠪᠠᠨ ᠰᠠᠶᠢᠲᠤᠷ ᠬᠢᠪᠡ᠃ ᠠᠵᠤ ᠦᠢᠯᠡᠰ ᠤᠨ ᠤᠨᠴᠠᠯᠢᠭ ᠂ ᠣᠷᠤᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠵᠡᠷᠭᠡ ᠨᠦᠬᠦᠴᠡᠯ ᠢᠶᠠᠨ ᠦᠨᠳᠦᠰᠦᠯᠡᠨ᠂ ︽ᠨᠢᠭᠡ ᠲᠤᠰᠬᠤᠨ ᠨᠢᠭᠡ ᠠᠷᠭ᠎ᠠ ᠪᠤᠳᠤᠯᠭ᠎ᠠ︾ ᠪᠠᠷ ᠲᠤᠰᠬᠤᠨ ᠤ ᠳᠡᠰ ᠤᠨ ᠬᠠᠮᠲᠤ ᠶᠢᠨ ᠠᠵᠤ ᠠᠬᠤᠢ ᠶᠢᠨ ᠲᠥᠯᠦᠪᠵᠢᠭᠦᠯᠭᠡ ᠶᠢ ᠲᠤᠬᠢᠷᠠᠭᠤᠯᠤᠨ ᠲᠡᠭᠦᠯᠳᠡᠷᠵᠢᠭᠦᠯᠵᠦ᠂ ᠪᠦᠬᠦ ᠲᠤᠭᠤᠷᠢᠭ ᠤᠨ ᠡᠯ᠎ᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠣᠷᠤᠯᠭ᠎ᠠ 10 ᠲᠥᠮᠡᠨ ᠲᠦᠭᠦᠷᠢᠭ ᠢ ᠪᠠᠳᠠᠬᠤ ᠶᠢ ᠪᠠᠷᠢᠮᠲᠠᠯᠠᠨ᠂ ᠬᠠᠮᠲᠤ ᠶᠢᠨ ᠠᠵᠤ ᠠᠬᠤᠢ  ᠶᠢᠨ ᠬᠦᠭᠵᠢᠯᠲᠡ ᠶᠢᠨ ᠨᠢᠭᠤᠭᠳᠠᠮᠠᠯ ᠬᠦᠴᠦᠨ ᠪᠠ ᠬᠦᠳᠡᠯᠭᠡᠭᠴᠢ ᠬᠦᠴᠦᠨ ᠢ ᠦᠷᠭᠦᠯᠵᠢᠯᠡᠨ ᠨᠡᠮᠡᠭᠳᠡᠭᠦᠯᠵᠦ᠂ ᠲᠤᠰᠬᠤᠨ ᠤ ᠬᠠᠮᠲᠤ ᠶᠢᠨ ᠠᠵᠤ ᠠᠬᠤᠢ ᠶᠢᠨ ︽ᠪᠠᠶᠢᠬᠤ︾ ᠠᠴᠠ ᠪᠠᠨ ︽ᠪᠤᠵᠠᠭᠠᠶᠢᠷᠠᠬᠤ︾ ᠬᠤᠪᠢᠷᠠᠯᠲᠠ ᠶᠢ ᠲᠦᠯᠬᠢᠨ ᠠᠬᠢᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号