ᠬᠤᠩᠱᠠᠨ ᠲᠤᠭᠤᠷᠢᠭ ︽ᠲᠤᠭᠤᠷᠢᠭ ᠬᠠᠮᠢᠶᠠᠷᠴᠤ ᠰᠤᠷᠭᠠᠭᠤᠯᠢ ᠤᠷᠢᠬᠤ︾ ᠦᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ
ᠨᠡᠶᠢᠲᠡᠯᠡᠭᠰᠡᠨ ᠴᠠᠭ᠄
2022/8/16
       ᠨᠢᠭᠡ ᠳᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠢ ᠦᠨᠳᠦᠰᠦᠯᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ︽ᠲᠤᠭᠤᠷᠢᠭ ᠬᠠᠮᠢᠶᠠᠷᠴᠤ ᠰᠤᠷᠭᠠᠭᠤᠯᠢ ᠤᠷᠢᠬᠤ︾ ᠦᠭᠡᠷᠡᠴᠢᠯᠡᠯᠲᠡ ᠶᠢᠨ ᠠᠵᠢᠯ ᠢ ᠡᠬᠢᠯᠡᠭᠦᠯᠪᠡ᠃ ᠠᠳᠠᠯᠢ ᠪᠤᠰᠤ ᠰᠤᠷᠤᠯᠭ᠎ᠠ ᠶᠢᠨ ᠱᠠᠲᠤ᠂ ᠠᠳᠠᠯᠢ ᠪᠤᠰᠤ ᠰᠤᠷᠭᠠᠭᠤᠯᠢ ᠶᠢᠨ ᠪᠤᠳᠠᠲᠤ ᠪᠠᠶᠢᠳᠠᠯ ᠲᠠᠢ ᠤᠶᠠᠯᠳᠤᠭᠤᠯᠤᠨ᠂ ᠪᠦᠬᠦ ᠲᠤᠭᠤᠷᠢᠭ ᠤᠨ 41 ᠰᠠᠭᠤᠷᠢ ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ  ᠶᠢ ᠦᠭᠡᠷᠡᠴᠢᠯᠡᠯᠲᠡ ᠶᠢᠨ ᠬᠡᠪᠴᠢᠶᠡᠨ ᠳᠤ ᠣᠷᠤᠭᠤᠯᠪᠠ᠃        ᠬᠤᠶᠠᠷ ᠲᠤ ︽ᠲᠤᠭᠤᠷᠢᠭ ᠬᠠᠮᠢᠶᠠᠷᠴᠤ ᠰᠤᠷᠭᠠᠭᠤᠯᠢ ᠤᠷᠢᠬᠤ︾ ᠪᠠᠷ ᠳᠠᠮᠵᠢᠨ᠂ ᠦᠨᠳᠦᠷ ᠳᠤᠮᠳᠠᠳᠤ  ᠶᠢᠨ ᠱᠠᠲᠤᠨ ᠤ 35 ᠪᠠᠭᠰᠢ᠂ ᠠᠩᠬ᠎ᠠ ᠳᠤᠮᠳᠠᠳᠤ ᠶᠢᠨ ᠱᠠᠲᠤᠨ ᠤ 38 ᠪᠠᠭᠰᠢ᠂ ᠪᠠᠭ᠎ᠠ ᠰᠤᠷᠭᠠᠭᠤᠯᠢ ᠶᠢᠨ ᠱᠠᠲᠤᠨ ᠤ 66 ᠪᠠᠭᠰᠢ ᠶᠢ ᠬᠦᠲᠡᠯᠦᠩᠭᠦᠢ ᠬᠠᠮᠢᠶᠠᠷᠪᠠ᠃        ᠭᠤᠷᠪᠠ ᠳᠤ ︽ᠲᠤᠭᠤᠷᠢᠭ ᠬᠠᠮᠢᠶᠠᠷᠴᠤ ᠰᠤᠷᠭᠠᠭᠤᠯᠢ ᠤᠷᠢᠬᠤ︾ ᠠᠵᠢᠯ ᠢ ᠤᠷᠤᠭᠰᠢᠲᠠᠢ ᠬᠡᠷᠡᠭᠵᠢᠭᠦᠯᠵᠦ ᠂ ᠲᠤᠭᠤᠷᠢᠭ ᠤᠨ ᠰᠤᠷᠭᠠᠨ ᠬᠦᠮᠦᠵᠢᠯ ᠤᠨ ᠰᠢᠯᠢᠳᠡᠭ᠂ ᠲᠡᠩᠴᠡᠭᠦᠷᠢᠲᠦ ᠬᠦᠭᠵᠢᠯᠲᠡ ᠶᠢ ᠪᠡᠶᠡᠯᠡᠭᠦᠯᠵᠦ᠂ ᠬᠡᠰᠡᠭ ᠰᠤᠷᠭᠠᠭᠤᠯᠢ ᠶᠢᠨ ᠦᠯᠡᠭᠦᠴᠡ ᠪᠠᠭᠰᠢ ᠶᠢᠨ ᠡᠬᠢ ᠪᠠᠶᠠᠯᠢᠭ ᠢ ᠠᠮᠢᠳᠤᠯᠢᠭ ᠠᠰᠢᠭᠯᠠᠵᠤ᠂ ᠤᠷᠤᠨ ᠬᠡᠪᠴᠢᠶᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠤᠬᠢᠷᠠᠭᠤᠯᠤᠯᠲᠠ ᠶᠢ ᠨᠡᠩ ᠲᠡᠩᠴᠡᠭᠦᠷᠢᠰᠢᠭᠦᠯᠵᠦ᠂ ᠰᠢᠯᠢᠳᠡᠭᠵᠢᠭᠦᠯᠬᠦ ᠶᠢ ᠠᠬᠢᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号