ᠬᠤᠩᠱᠠᠨ ᠲᠤᠭᠤᠷᠢᠭ ᠬᠠᠤᠯᠢ ᠪᠤᠰᠤ ᠵᠡᠷ ᠢ ᠴᠡᠭᠴᠡᠯᠡᠨ ᠵᠠᠰᠠᠬᠤ ᠲᠤᠰᠬᠠᠢ ᠲᠥᠷᠦᠯ ᠤᠨ ᠠᠵᠢᠯᠯᠠᠭᠠᠨ ᠢ ᠦᠳᠳᠡᠷ ᠲᠦᠷᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/8/31
        ᠬᠠᠤᠯᠢ ᠪᠤᠰᠤ ᠵᠠᠷ ᠢ ᠴᠡᠭᠴᠡᠯᠡᠨ ᠵᠠᠰᠠᠬᠤ ᠴᠣᠬᠢᠯᠲᠠ ᠦᠭᠬᠦ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠲᠥᠯᠦᠭᠡ ᠬᠤᠩᠱᠠᠨ ᠲᠣᠭᠤᠷᠢᠭ ᠬᠠᠤᠯᠢ ᠪᠤᠰᠤ ᠵᠠᠷ ᠢ ᠴᠡᠭᠴᠡᠯᠡᠨ ᠵᠠᠰᠠᠬᠤ ᠲᠤᠰᠬᠠᠢ ᠲᠦᠷᠦᠯ  ᠤᠨ ᠠᠵᠢᠯᠯᠠᠭᠠᠨ ᠢ ᠦᠳᠳᠡᠷ ᠲᠦᠷᠭᠡᠨ ᠦᠷᠨᠢᠭᠦᠯᠵᠦ᠂ ᠡᠷᠦᠢ ᠬᠤᠷᠤᠢ ᠦᠭᠡᠢ ᠡᠷᠢᠶᠡᠴᠢᠬᠦ᠂ ᠰᠡᠶᠢᠯᠬᠦ᠂ ᠨᠠᠭᠠᠬᠤ᠂ ᠳᠤᠷ᠎ᠠ ᠪᠠᠷ ᠵᠠᠷ ᠲᠠᠷᠬᠠᠭᠠᠬᠤ ᠵᠡᠷᠭᠡ ᠬᠤᠲᠠ ᠶᠢᠨ ᠳᠦᠷᠢ ᠳᠦᠷᠬᠦ ᠶᠢ ᠨᠦᠯᠦᠭᠡᠯᠡᠬᠦ ᠠᠵᠢᠯᠯᠠᠭ᠎ᠠ ᠶᠢ ᠦᠭᠡᠶᠢᠰᠬᠡᠵᠦ᠂ ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠲᠤᠰ ᠤᠳᠠᠭᠠᠨ ᠤ ᠠᠵᠢᠯᠯᠠᠭ᠎ᠠ ᠨᠢ ᠨᠢᠭᠡᠲᠦᠯᠲᠡᠢ ᠵᠤᠬᠢᠴᠠᠭᠤᠯᠵᠤ᠂ ᠭᠤᠤᠯ ᠴᠤᠭᠴᠠ ᠬᠠᠷᠢᠭᠤᠴᠠᠨ᠂ ᠠᠵᠤ ᠦᠢᠯᠡᠰ ᠤᠨ ᠲᠤᠰᠢᠶᠠᠯ ᠭᠦᠢᠴᠡᠳᠬᠡᠬᠦ᠂ ᠰᠢᠯᠤᠭᠤᠳᠬᠠᠬᠤ ᠲᠦᠪᠯᠡᠷᠡᠭᠦᠯᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠬᠠᠷᠢᠶ᠎ᠠ ᠲᠤᠭᠤᠷᠢᠭ ᠤᠨ ᠬᠦᠷᠢᠶ᠎ᠡ ᠬᠡᠪᠴᠢᠶᠡᠨ ᠤ ᠴᠡᠴᠡᠷᠯᠢᠭ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠤᠭᠤᠷᠢᠨ ᠵᠢᠴᠢ ᠡᠯ᠎ᠡ ᠲᠦᠷᠦᠯ ᠤᠨ ᠣᠯᠠᠨ ᠨᠡᠶᠢᠲᠡ ᠶᠢᠨ ᠲᠦᠬᠦᠭᠡᠷᠦᠮᠵᠢ ᠵᠡᠷᠭᠡ ᠳᠤ ᠳᠤᠷ᠎ᠠ ᠪᠠᠷ ᠡᠷᠢᠶᠡᠴᠢᠬᠦ᠂ ᠰᠡᠶᠢᠯᠬᠦ᠂ ᠨᠠᠭᠠᠬᠤ᠂ ᠬᠠᠤᠯᠢ ᠪᠤᠰᠤ ᠵᠠᠷ ᠨᠡᠶᠢᠲᠡᠯᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠴᠡᠭᠴᠡᠯᠡᠪᠡ᠃ ᠤᠳᠤᠬᠠᠨ ᠪᠤᠯᠲᠠᠯ᠎ᠠ 85 ᠳᠦᠷᠢᠮ ᠵᠦᠷᠢᠴᠡᠵᠦ ᠵᠠᠷ ᠲᠠᠷᠬᠠᠭᠠᠭᠰᠠᠨ ᠢ ᠰᠤᠷᠭᠠᠨ ᠬᠦᠮᠦᠵᠢᠭᠦᠯᠵᠦ ᠬᠤᠷᠢᠭᠯᠠᠨ ᠵᠤᠭᠰᠤᠭᠠᠵᠤ᠂ 2100 ᠤᠳᠠᠭ᠎ᠠ ᠬᠠᠤᠯᠢ ᠪᠤᠰᠤ ᠵᠠᠷ ᠢ ᠴᠡᠪᠡᠷᠯᠡᠨ ᠠᠷᠢᠯᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号