ᠬᠤᠩᠱᠠᠨ ᠲᠤᠭᠤᠷᠢᠭ ᠠᠷᠠᠯᠵᠢᠶ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠭᠦᠯᠵᠦ ᠠᠷᠠᠳ ᠲᠤ ᠳᠦᠭᠦᠮ ᠠᠵᠤ ᠠᠬᠤᠶᠢᠯᠠᠯ ᠳᠤ ᠠᠰᠢᠭᠲᠠᠢ ᠰᠢᠨ᠎ᠡ ᠠᠷᠭ᠎ᠠ ᠠᠪᠴᠠᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2022/8/31
       ᠨᠢᠭᠡ ᠳᠤ ᠴᠠᠭ ᠨᠡᠮᠡᠬᠦ ᠲᠤᠭᠲᠠᠴᠠ ᠶᠢ ᠪᠠᠶᠢᠭᠤᠯᠵᠤ᠂ ᠦᠢᠯᠡᠴᠢᠯᠡᠭᠡ ᠶᠢ ᠰᠢᠯᠢᠳᠡᠭᠵᠢᠭᠦᠯᠪᠡ᠃ ᠠᠵᠢᠯᠯᠠᠬᠤ ᠴᠠᠭ ᠨᠡᠮᠡᠬᠦ ᠦᠢᠯᠡᠴᠢᠯᠡᠭᠡ ᠪᠠ ᠭᠠᠷᠠᠭ ᠤᠨ ᠠᠮᠠᠷᠠᠯᠲᠠ ᠶᠢᠨ ᠦᠢᠯᠡᠴᠢᠯᠡᠭᠡ ᠶᠢ ᠤᠶᠠᠯᠳᠤᠭᠤᠯᠵᠤ᠂ ︽5+2 ︵ᠭᠠᠷᠠᠭ ᠪᠦᠷᠢ ᠶᠢᠨ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ ᠦᠳᠡ ᠠᠴᠠ ᠡᠮᠦᠨ᠎ᠡ 9᠄ 00 - 12᠄ 00 ᠤᠯᠤᠰ ᠤᠨ ᠲᠤᠭᠲᠠᠭᠠᠯ ᠪᠦᠬᠦᠢ ᠠᠮᠠᠷᠠᠯᠲᠠ ᠶᠢᠨ ᠡᠳᠦᠷ ᠠᠴᠠ ᠪᠤᠰᠤᠳ︶︾ ᠪᠠᠶᠢᠩᠭᠤᠵᠢᠭᠰᠠᠨ ᠦᠢᠯᠡᠴᠢᠯᠡᠭᠡᠨ ᠤ ᠲᠤᠭᠲᠠᠴᠠ ᠶᠢ ᠠᠮᠵᠢᠯᠲᠠᠲᠠᠢ ᠪᠠᠶᠢᠭᠤᠯᠵᠤ᠂ 7 ᠰᠠᠷ᠎ᠠ ᠶᠢᠨ 16 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠠᠵᠢᠯ ᠤᠨ ᠪᠤᠰᠤ ᠬᠤᠭᠤᠴᠠᠭᠠᠨ ᠳᠤ ᠴᠠᠭ ᠨᠡᠮᠡᠨ ᠠᠵᠢᠯᠯᠠᠵᠤ 246 ᠡᠯ᠎ᠡ ᠲᠦᠷᠦᠯ ᠤᠨ ᠬᠡᠷᠡᠭ ᠤᠴᠢᠷ ᠢ ᠰᠢᠢᠳᠪᠦᠷᠢᠯᠡᠵᠦ᠂ ᠠᠵᠤ ᠠᠬᠤᠶᠢᠯᠠᠯ ᠬᠤᠪᠢ ᠬᠦᠮᠦᠨ ᠤ ᠤᠴᠢᠷ ᠰᠢᠢᠳᠪᠦᠷᠢᠯᠡᠬᠦ ᠳᠤ ᠶᠡᠬᠡᠬᠡᠨ ᠳᠦᠭᠦᠮ ᠦᠵᠡᠭᠦᠯᠪᠡ᠃        ᠬᠤᠶᠠᠷ ᠲᠤ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠴᠠᠭ ᠨᠡᠮᠡᠬᠦ ᠦᠢᠯᠡᠴᠢᠯᠡᠭᠡ ᠪᠠᠷ ᠠᠵᠠ ᠲᠤᠬᠢᠶᠠᠯ ᠪᠣᠯᠭᠠᠨ ︽ᠨᠢᠭᠡ ᠦᠷᠲᠡᠭᠡᠴᠢᠯᠡᠭᠰᠡᠨ︾ ᠦᠢᠯᠡᠴᠢᠯᠡᠭᠡᠨ ᠤ ᠲᠠᠪᠴᠠᠩ  ᠤᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠵᠤ᠂ ︽ᠨᠢᠭᠡ ᠶᠠᠪᠤᠳᠠᠯ ᠢ ᠨᠢᠭᠡᠯᠡ ᠤᠳᠠᠭ᠎ᠠ ᠳᠤ ᠰᠢᠢᠳᠪᠦᠷᠢᠯᠡᠵᠦ ︾ ᠦᠢᠯᠡᠴᠢᠯᠡᠭᠡᠨ ᠤ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠬᠦᠯᠵᠦ᠂ ᠣᠯᠠᠨ ᠲᠥᠮᠡᠨ ᠤ ᠪᠠᠶᠢᠨ ᠲᠠᠬᠢᠨ ᠬᠦᠶᠦᠬᠦ  ᠶᠢ ᠴᠦᠭᠡᠳᠬᠡᠵᠦ᠂ ᠵᠠᠰᠠᠭ ᠤᠨ ᠶᠠᠪᠤᠳᠠᠯ ᠤᠨ ᠠᠵᠢᠯ ᠤᠨ ᠪᠦᠲᠦᠮᠵᠢ ᠦᠷ᠎ᠡ ᠠᠰᠢᠭ ᠢ ᠶᠡᠬᠡᠬᠡᠨ ᠳᠡᠭᠡᠭᠰᠢᠯᠡᠭᠦᠯᠪᠡ᠃ ᠤᠳᠤᠬᠠᠨ ᠪᠤᠯᠲᠠᠯ᠎ᠠ ᠬᠤᠩᠱᠠᠨ ᠲᠣᠭᠤᠷᠢᠭ ᠤᠨ ᠬᠠᠳᠠᠭᠠᠯᠠᠭᠳᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠴᠢᠷ ᠶᠠᠪᠤᠳᠠᠯ ᠢ ᠰᠢᠢᠳᠪᠦᠷᠢᠯᠡᠬᠦ ᠶᠡᠷᠦᠩᠬᠡᠢ ᠴᠠᠭ ᠢ 88.5% ᠪᠠᠷ ᠪᠠᠭᠠᠰᠬᠠᠨ᠂ ᠪᠢᠴᠢᠭ ᠮᠠᠲ᠋ᠧᠷᠢᠶᠠᠯ ᠢ40.2% ᠢᠶᠠᠷ ᠴᠤᠮᠬᠠᠳᠬᠠᠵᠤ᠂ ᠠᠯᠬᠤᠮ ᠳᠠᠷᠠᠭ᠎ᠠ ᠶᠢ 20.3% ᠪᠠᠷ ᠴᠦᠭᠡᠳᠬᠡᠨ᠂  ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠤᠨᠴᠠᠭᠠᠢ ᠠᠯᠬᠤᠮ ᠳᠠᠷᠠᠭ᠎ᠠ ᠶᠢᠨ ᠬᠠᠤᠯᠢ ᠳᠦᠷᠢᠮ ᠳᠤ ᠨᠡᠶᠢᠴᠡᠭᠰᠡᠨ ᠨᠤᠷᠮ᠎ᠠ 100%᠃        ᠭᠤᠷᠪᠠ ᠳᠤ ᠰᠢᠯᠢᠳᠡᠭ ᠦᠢᠯᠡᠴᠢᠯᠡᠭᠡ ᠬᠠᠩᠭᠠᠵᠤ᠂ ᠳᠦᠷᠢ ᠲᠦᠷᠬᠦ ᠶᠢ ᠳᠡᠭᠡᠭᠰᠢᠯᠡᠭᠦᠯᠪᠡ᠃ ︽ᠨᠢᠭᠡ ᠶᠠᠪᠤᠳᠠᠯ ᠢ ᠨᠢᠭᠡᠯᠡ ᠤᠳᠠᠭ᠎ᠠ ᠳᠤ ᠰᠢᠢᠳᠪᠦᠷᠢᠯᠡᠬᠦ︾ ᠶᠡᠷᠦᠩᠬᠡᠶᠢᠯᠡᠭᠰᠡᠨ ᠴᠤᠩᠬᠤᠪᠴᠢ ᠪᠠᠷ ᠰᠦᠯᠵᠢᠶᠡᠨ ᠳᠤ ᠡᠷᠡᠮᠡᠯᠵᠡᠬᠦ ᠪᠤᠶᠤ ᠲᠤᠰᠢᠶᠠᠭᠰᠠᠨ ᠮᠠᠲ᠋ᠧᠷᠢᠶᠠᠯ ᠢᠶᠠᠨ ᠵᠤᠬᠢᠰ ᠦᠭᠡᠢ ᠲᠤᠭᠠᠴᠢᠭᠰᠠᠨ ᠣᠯᠠᠨ ᠲᠥᠮᠡᠨ ᠳᠤ ᠬᠠᠷᠠᠭᠠᠯᠵᠠᠭᠰᠠᠨ ᠵᠠᠯᠠᠷᠠᠭᠤᠯᠬᠤ ᠵᠢᠯᠤᠭᠤᠳᠬᠤ ᠦᠢᠯᠡᠴᠢᠯᠡᠭᠡ ᠬᠠᠩᠭᠠᠵᠤ᠂ ᠤᠴᠢᠷ ᠶᠠᠪᠤᠳᠠᠯ ᠢ ᠴᠠᠭ ᠲᠤᠬᠠᠢ ᠳᠤ ᠨᠢ ᠂ ᠲᠦᠷᠭᠡᠨ ᠬᠤᠷᠳᠤᠴᠠ ᠪᠠᠷ᠂ ᠦᠨᠳᠦᠷ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠪᠠ᠃ ᠤᠳᠤᠬᠠᠨ ᠪᠤᠯᠲᠠᠯ᠎ᠠ ᠨᠡᠶᠢᠲᠡ 107690 ᠵᠤᠷᠪᠤᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠠᠨᠠᠢ ᠦᠨᠡᠯᠡᠯᠭᠡ︾ ᠬᠤᠷᠢᠶᠠᠵᠤ᠂ ᠰᠠᠶᠢᠨ ᠦᠨᠡᠯᠡᠯᠭᠡ ᠶᠢᠨ ᠨᠤᠷᠮ᠎ᠠ 99.99% ᠬᠦᠷᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号