ᠬᠤᠩᠱᠠᠨ ᠲᠤᠭᠤᠷᠢᠭ ᠤᠨ 2022 ᠣᠨ ᠤ ᠵᠣᠨ ᠤ ᠠᠮᠠᠷᠠᠯᠲᠠ ᠶᠢᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢᠨ ᠠᠵᠢᠯ ᠠᠩᠬᠠᠨ ᠤ ᠪᠦᠲᠦᠮᠵᠢᠲᠡᠢ ᠪᠣᠯᠪᠠ
ᠨᠡᠶᠢᠲᠡᠯᠡᠭᠰᠡᠨ ᠴᠠᠭ᠄
2022/8/4
        7 ᠰᠠᠷ᠎ᠠ ᠶᠢᠨ 19 ᠤ ᠡᠳᠦᠷ ᠠᠴᠠ ᠡᠬᠢᠯᠡᠨ ᠬᠤᠩᠱᠠᠨ ᠲᠣᠭᠤᠷᠢᠭ ᠤᠨ ᠰᠣᠷᠭᠠᠨ ᠬᠦᠮᠦᠵᠢᠯ ᠤᠨ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠰᠤᠶᠤᠯ ᠵᠢᠭᠤᠯᠴᠢᠯᠠᠯ ᠲᠠᠮᠢᠷ ᠤᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ ᠲᠤᠲᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ᠂  ᠭᠠᠯ ᠰᠡᠷᠭᠡᠶᠢᠯᠡᠵᠦ ᠠᠪᠤᠷᠠᠨ ᠲᠤᠰᠠᠯᠠᠬᠤ ᠶᠡᠭᠡ ᠠᠩᠭᠢ ᠵᠢᠴᠢ ᠡᠯ᠎ᠡ ᠪᠠᠯᠭᠠᠰᠤ ᠵᠡᠭᠡᠯᠢ ᠬᠡᠷᠡᠭ ᠡᠷᠬᠢᠯᠡᠬᠦ ᠭᠠᠵᠠᠷ ᠭᠤᠷᠪᠠᠨ ᠱᠠᠪᠳᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠂ ᠬᠠᠷᠢᠶ᠎ᠠ ᠲᠤᠭᠤᠷᠢᠭ ᠤᠨ 240 ᠡᠷᠦᠬᠡ ᠰᠤᠷᠭᠠᠭᠤᠯᠢ  ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ ᠳᠤ ᠵᠤᠨ ᠤ ᠠᠮᠠᠷᠠᠯᠲᠠ ᠶᠢᠨ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢᠨ ᠬᠤᠯᠪᠤᠭᠠᠯᠠᠭᠰᠠᠨ ᠪᠠᠶᠢᠴᠠᠭᠠᠯᠲᠠ ᠶᠢᠨ ᠠᠵᠢᠯᠯᠠᠭᠠᠨ ᠢ ᠦᠷᠨᠢᠭᠦᠯᠪᠡ᠃ ᠪᠠᠶᠢᠴᠠᠭᠠᠯᠲᠠ  ᠶᠢᠨ ᠶᠠᠪᠤᠴᠠ ᠳᠤ ᠭᠤᠷᠪᠠᠨ ᠱᠠᠪᠳᠠᠨ ᠪᠠᠶᠢᠴᠠᠭᠠᠬᠤ ᠳᠤᠭᠤᠶᠢᠯᠠᠩ ᠬᠤᠪᠢᠶᠠᠨ ᠳᠠᠭᠠᠭᠠᠴᠢᠯᠠᠬᠤ ᠳᠦᠷᠢᠮ ᠢᠶᠠᠷ ᠬᠠᠷᠢᠭᠤᠴᠠᠯᠭ᠎ᠠ ᠶᠢ ᠳᠤᠳᠤᠷᠠᠭᠤᠯᠵᠤ᠂ ᠬᠤᠯᠪᠤᠭᠠᠯᠠᠨ ᠬᠠᠤᠯᠢ ᠬᠡᠷᠡᠭᠵᠢᠭᠦᠯᠬᠦ᠂ ᠢᠯᠡ ᠪᠠᠶᠢᠴᠠᠭᠠᠬᠤ ᠳᠠᠮ ᠰᠤᠷᠪᠤᠯᠵᠢᠯᠠᠬᠤ ᠵᠡᠷᠭᠡ ᠠᠷᠭ᠎ᠠ ᠠᠪᠴᠠᠯ ᠢ ᠶᠡᠷᠦᠩᠬᠡᠶᠢᠯᠡᠨ ᠠᠰᠢᠭᠯᠠᠵᠤ᠂ ᠰᠢᠨ᠎ᠡ ᠲᠢᠲᠡᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠷᠢᠶ᠎ᠠ ᠲᠤᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ ᠶᠢ ᠲᠤᠭᠤᠷᠢᠨ ᠪᠠᠶᠢᠴᠠᠭᠠᠪᠠ᠃ ᠤᠳᠤᠬᠠᠨ ᠪᠤᠯᠲᠠᠯ᠎ᠠ 50 ᠡᠷᠦᠬᠡ ᠡᠯ᠎ᠡ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ ᠶᠢ ᠪᠠᠶᠢᠴᠠᠭᠠᠪᠠ ᠂ ᠡᠭᠦᠨ ᠳᠤ 2 ᠬᠢᠴᠢᠶᠡᠯ ᠲᠦᠷᠦᠯ ᠤᠨ ᠪᠤᠯᠪᠠᠰᠤᠷᠠᠭᠤᠯᠤᠯ ᠳᠤ ᠵᠠᠷᠯᠢᠭᠲᠠᠨ ᠵᠤᠭᠰᠤᠭᠠᠬᠤ ᠮᠡᠳᠡᠭᠳᠡᠯ ᠪᠠᠭᠤᠯᠭᠠᠵᠤ᠂ 1 ᠰᠤᠷᠭᠠᠭᠤᠯᠢ ᠡᠷᠬᠢᠯᠡᠬᠦ ᠶᠢ ᠵᠠᠷᠯᠢᠭᠳᠠᠨ ᠵᠤᠭᠰᠤᠭᠠᠬᠤ ᠮᠡᠳᠡᠭᠳᠡᠯ ᠪᠠᠭᠤᠯᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号