ᠬᠤᠩᠱᠠᠨ ᠲᠣᠭᠤᠷᠢᠭ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠬᠦᠴᠦᠯᠡᠨ ᠪᠡᠯᠡᠳᠬᠡᠪᠡ
ᠨᠡᠶᠢᠲᠡᠯᠡᠭᠰᠡᠨ ᠴᠠᠭ᠄
2022/8/5
        ᠬᠤᠩᠱᠠᠨ ᠲᠣᠭᠤᠷᠢᠭ ᠦᠪᠡᠷ ᠤᠨ ᠤᠨᠴᠠᠯᠢᠭ ᠪᠠ ᠠᠵᠤ ᠦᠢᠯᠡᠰ ᠤᠨ ᠰᠠᠭᠤᠷᠢ ᠳᠤ ᠦᠨᠳᠦᠰᠦᠯᠡᠨ᠂ ᠭᠤᠤᠯᠳᠠᠯᠭ᠎ᠠ ᠶᠢ ᠳᠤᠪᠤᠶᠢᠯᠭᠠᠨ᠂ ᠠᠷᠭ᠎ᠠ ᠠᠪᠴᠠᠯ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ 6 ᠰᠠᠷ᠎ᠠ ᠶᠢᠨ ᠰᠡᠭᠦᠯᠴᠢ ᠪᠣᠯᠲᠠᠯ᠎ᠠ ᠨᠡᠶᠢᠲᠡ 94 ᠠᠷᠠᠯᠵᠢᠶᠠᠴᠢᠨ ᠤᠷᠢᠬᠤ ᠲᠦᠷᠦᠯ ᠵᠦᠢᠯ  ᠢ ᠭᠤᠣᠯᠳᠠᠯᠭ᠎ᠠ ᠲᠠᠢ ᠲᠥᠯᠦᠪᠵᠢᠭᠦᠯᠦᠨ᠂ ᠲᠦᠯᠦᠪᠯᠡᠭᠰᠡᠨ ᠢᠶᠠᠷ ᠶᠡᠷᠦᠩᠬᠡᠢ ᠪᠡᠯᠡ ᠣᠷᠤᠭᠤᠯᠤᠯᠲᠠ 179 ᠳ᠋ᠦᠩᠰᠢᠭᠤᠷ ᠲᠦᠭᠦᠷᠢᠭ᠃        ᠨᠢᠭᠡ ᠳᠤ ᠬᠦᠴᠦᠨ ᠢᠶᠠᠨ ᠲᠦᠪᠯᠡᠷᠡᠭᠦᠯᠦᠨ ᠭᠠᠳᠠᠭᠰᠢ ᠭᠠᠷᠴᠤ ᠠᠷᠠᠯᠵᠢᠶᠠᠴᠢᠨ ᠤᠷᠢᠵᠤ᠂ ᠠᠷᠠᠯᠵᠢᠶᠠᠴᠢᠨ ᠤᠷᠢᠬᠤ ᠨᠠᠶᠢᠳᠠᠯᠭ᠎ᠠ ᠶᠢᠨ ᠬᠦᠴᠦᠯᠡᠴᠡ ᠪᠠᠨ ᠨᠡᠮᠡᠭᠳᠡᠭᠦᠯᠪᠡ᠃ ᠲᠤᠭᠤᠷᠢᠭ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠳᠤᠤᠷ᠎ᠠ ᠲᠦᠭᠰᠢᠭᠦᠷᠢᠲᠦ ᠭᠠᠵᠠᠷ ᠣᠷᠤᠨ ᠳᠤ ᠬᠦᠷᠴᠦ ᠠᠷᠠᠯᠵᠢᠶᠠᠴᠢᠨ ᠤᠷᠢᠬᠤ ᠰᠠᠨᠠᠭᠤᠯᠤᠮᠵᠢ ᠶᠢᠨ ᠬᠠᠭᠤᠳᠠᠰᠤ᠂ ᠠᠷᠠᠯᠵᠢᠶᠠᠴᠢᠨ ᠤᠷᠢᠬᠤ ᠬᠠᠷᠠᠯᠲᠠ ᠠᠵᠤ ᠠᠬᠤᠶᠢᠯᠠᠯ ᠤᠨ ᠰᠤᠷᠠᠭ ᠵᠠᠩᠭᠢ ᠶᠢᠨ ᠬᠠᠭᠤᠳᠠᠰᠤ᠂ ᠠᠵᠤ ᠦᠢᠯᠡᠰ ᠤᠨ ᠠᠷᠠᠯᠵᠢᠶᠠᠴᠢᠨ ᠤᠷᠢᠬᠤ ᠵᠠᠳᠠᠯᠤᠯᠲᠠ ᠶᠢᠨ ᠬᠠᠭᠤᠳᠠᠰᠤ ᠢᠯᠡᠭᠡᠬᠦ ᠵᠡᠷᠭᠡ ᠵᠠᠬᠢᠶᠠᠯᠠᠭ᠎ᠠ ᠶᠢᠨ ᠠᠷᠭ᠎ᠠ ᠠᠪᠴᠠᠯ ᠢᠶᠠᠷ ᠳᠠᠮᠵᠢᠭᠤᠯᠤᠨ᠂ ᠡᠯ᠎ᠡ ᠠᠷᠠᠯᠵᠢᠶᠠᠴᠢᠨ ᠤᠷᠢᠬᠤ ᠨᠢᠭᠡᠴᠡ ᠶᠢᠨ ᠭᠠᠳᠠᠭᠰᠢ ᠭᠠᠷᠴᠤ ᠠᠷᠠᠯᠵᠢᠶᠠᠴᠢᠨ ᠤᠷᠢᠬᠤ ᠶᠢ ᠢᠳᠡᠪᠬᠢᠲᠡᠢ ᠬᠦᠲᠦᠯᠦᠨ ᠳᠠᠶᠢᠴᠢᠯᠠᠪᠠ᠃ ᠤᠳᠤᠬᠠᠨ ᠪᠣᠯᠲᠠᠯ᠎ᠠ ᠡᠯ᠎ᠡ ᠠᠷᠠᠯᠵᠢᠶᠠᠴᠢᠨ ᠤᠷᠢᠬᠤ ᠨᠢᠭᠡᠴᠡ 30 ᠭᠠᠷᠤᠢ ᠤᠳᠠᠭ᠎ᠠ ᠭᠠᠳᠠᠭᠰᠢ ᠭᠠᠷᠴᠤ ᠠᠷᠠᠯᠵᠢᠶᠠᠴᠢᠨ ᠤᠷᠢᠵᠤ᠂ 80 ᠭᠠᠷᠤᠢ ᠠᠵᠤ ᠠᠬᠤᠶᠢᠯᠠᠯ ᠢ ᠲᠤᠭᠤᠷᠢᠨ ᠪᠠᠶᠢᠴᠠᠭᠠᠵᠤ ᠵᠤᠯᠭᠠᠯᠴᠠᠭᠤᠯᠪᠠ᠃        ᠬᠤᠶᠠᠷ ᠲᠤ ᠡᠯ᠎ᠡ ᠠᠷᠠᠯᠵᠢᠶᠠᠴᠢᠨ ᠤᠷᠢᠬᠤ ᠳᠤᠭᠤᠶᠢᠯᠠᠩ ᠬᠤᠯᠪᠤᠭᠠᠯᠠᠨ ᠠᠷᠠᠯᠵᠢᠶᠠᠴᠢᠨ ᠤᠷᠢᠬᠤ᠂ ᠠᠷᠠᠯᠵᠢᠶᠠᠨ ᠤ ᠨᠡᠶᠢᠭᠡᠮᠯᠢᠭ ᠠᠷᠠᠯᠵᠢᠶᠠᠴᠢᠨ ᠲᠠᠲᠠᠬᠤ ᠶᠢ ᠪᠠᠷᠢᠮᠲᠠᠯᠠᠨ᠂ ᠱᠢ ᠵᠢᠶᠠ ᠵᠤᠸᠠᠩ ᠦᠪᠦᠷ ᠮᠤᠩᠭᠤᠯ ᠤᠨ ᠠᠷᠠᠯᠵᠢᠶᠠᠨ ᠤ ᠨᠡᠶᠢᠭᠡᠮᠯᠢᠭ᠂ ᠵᠧᠵᠢᠶᠠᠩ ᠤᠯᠠᠭᠠᠨᠬᠠᠳᠠ ᠶᠢᠨ ᠠᠷᠠᠯᠵᠢᠶᠠᠨ ᠤ ᠨᠡᠶᠢᠭᠡᠮᠯᠢᠭ ᠢ ᠢᠳᠡᠪᠬᠢᠲᠡᠢ ᠪᠠᠷ ᠵᠤᠯᠭᠠᠯᠴᠠᠭᠤᠯᠵᠤ᠂ ᠠᠵᠤ ᠦᠢᠯᠡᠰ ᠤᠨ ᠰᠠᠭᠤᠷᠢ᠂ ᠣᠷᠴᠢᠨ ᠲᠤᠭᠤᠷᠢᠨ ᠤ ᠡᠬᠢ ᠪᠠᠶᠠᠯᠢᠭ ᠪᠠ ᠠᠷᠠᠯᠵᠢᠶᠠᠴᠢᠨ ᠤᠷᠢᠬᠤ ᠬᠡᠷᠡᠭᠴᠡᠭᠡ ᠶᠢ ᠲᠠᠨᠢᠯᠴᠠᠭᠤᠯᠤᠨ᠂ ᠰᠢᠯᠢᠳᠡᠭ ᠲᠦᠷᠦᠯ ᠵᠦᠢᠯ ᠤᠨ ᠡᠬᠢ ᠪᠠᠶᠠᠯᠢᠭ ᠢ ᠨᠠᠷᠢᠯᠢᠭ ᠣᠨᠤᠪᠴᠢᠲᠠᠢ ᠵᠤᠯᠭᠠᠯᠴᠠᠭᠤᠯᠪᠠ᠃ ᠤᠳᠤᠬᠠᠨ ᠪᠣᠯᠲᠠᠯ᠎ᠠ ᠤᠷᠢᠳ ᠬᠤᠵᠢᠳ ᠡᠾᠧᠪᠸᠢ ᠮᠤᠵᠢ ᠶᠢᠨ ᠡᠮ ᠡᠮᠨᠡᠯᠭᠡ ᠶᠢᠨ ᠠᠵᠤ ᠦᠢᠯᠡᠰ ᠤᠨ ᠨᠡᠶᠢᠭᠡᠮᠯᠢᠭ᠂ ᠲᠦᠩ ᠹᠦ᠋ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠠᠵᠤ ᠦᠢᠯᠡᠰ  ᠤᠨ ᠬᠦᠷᠢᠶᠡᠯᠡᠩ ᠵᠡᠷᠭᠡ ᠡᠬᠢ ᠪᠠᠶᠠᠯᠢᠭ ᠢ ᠵᠤᠯᠭᠠᠯᠴᠠᠭᠤᠯᠤᠨ᠂ ᠡᠮᠴᠢᠯᠡᠭᠡᠨ ᠤ ᠪᠠᠭᠠᠵᠢ ᠬᠡᠷᠡᠭᠰᠡᠯ᠂ ᠨᠤᠤᠰᠣᠨ ᠨᠡᠬᠡᠮᠡᠯ ᠵᠡᠷᠭᠡ ᠬᠠᠮᠢᠶ᠎ᠠ ᠪᠦᠬᠦᠢ ᠠᠵᠤ ᠦᠢᠯᠡᠰ ᠲᠤ ᠬᠤᠯᠪᠤᠭᠳᠠᠭᠰᠠᠨ ᠲᠦᠷᠦᠯ ᠵᠦᠢᠯ ᠪᠤᠢ᠃        ᠭᠤᠷᠪᠠ ᠳᠤ ᠪᠦᠭᠦᠳᠡᠭᠡᠷ ᠬᠦᠳᠡᠯᠦᠯᠴᠡᠨ ᠪᠦᠬᠦ ᠬᠦᠴᠦᠨ ᠢᠶᠠᠷ ᠠᠷᠠᠯᠵᠢᠶᠠᠴᠢᠨ ᠤᠷᠢᠬᠤ ᠶᠢ ᠠᠬᠢᠭᠤᠯᠵᠤ᠂ ᠲᠤᠭᠲᠠᠮᠠᠯ ᠬᠤᠭᠤᠴᠠᠭ᠎ᠠ ᠲᠠᠢ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠠᠷᠠᠯᠵᠢᠶᠠᠴᠢᠨ ᠤᠷᠢᠬᠤ ᠬᠦᠷᠢᠶ᠎ᠡ ᠬᠡᠪᠴᠢᠶᠡᠨ ᠳᠤ ᠲᠤᠰᠬᠠᠢ ᠡᠭᠡᠯᠵᠢ ᠪᠠᠷ ᠠᠵᠤ ᠦᠢᠯᠡᠰ ᠤᠨ ᠠᠷᠠᠯᠵᠢᠶᠠᠴᠢᠨ ᠤᠷᠢᠬᠤ ᠵᠠᠳᠠᠯᠤᠯᠲᠠ ᠶᠢᠨ ᠮᠡᠳᠡᠭᠦᠯᠦᠯᠲᠡ᠂ 40 ᠭᠠᠷᠤᠢ ᠠᠷᠠᠯᠵᠢᠶᠠᠴᠢᠨ ᠤᠷᠢᠬᠤ ᠬᠠᠷᠠᠯᠲᠠ ᠠᠵᠤ ᠠᠬᠤᠶᠢᠯᠠᠯ ᠤᠨ ᠰᠤᠷᠠᠭ ᠵᠠᠩᠭᠢ ᠶᠢ ᠳᠡᠪᠰᠢᠭᠦᠯᠵᠦ᠂ ᠨᠠᠷᠢᠯᠢᠭ ᠣᠨᠤᠪᠴᠢᠲᠠᠢ ᠬᠦᠴᠦᠯᠡᠨ᠂ ᠠᠷᠠᠯᠵᠢᠶᠠᠴᠢᠨ ᠤᠷᠢᠵᠤ ᠨᠢᠭᠡᠲᠦᠯᠲᠡᠢ ᠲᠥᠯᠦᠪᠵᠢᠭᠦᠯᠦᠨ ᠲᠣᠬᠢᠷᠠᠭᠤᠯᠬᠤ ᠪᠠᠨ ᠲᠠᠰᠤᠷᠠᠯᠲᠠ ᠦᠭᠡᠢ ᠴᠢᠩᠭᠠᠳᠬᠠᠪᠠ᠃ ᠬᠤᠩᠱᠠᠨ ᠲᠤᠭᠤᠷᠢᠭ ᠤᠨ ᠠᠷᠠᠯᠵᠢᠶᠠᠴᠢᠨ ᠤᠷᠢᠬᠤ ᠰᠠᠭᠤᠷᠢ ᠨᠦᠬᠦᠴᠡᠯ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠨᠦᠬᠦᠴᠡᠯ ᠭᠤᠤᠯ ᠪᠣᠯᠬᠤ ᠠᠷᠠᠯᠵᠢᠶᠠᠴᠢᠨ ᠤᠷᠢᠬᠤ ᠭᠤᠭᠴᠤᠭ᠎ᠠ ᠵᠡᠷᠭᠡ ᠲᠠᠯ᠎ᠠ ᠶᠢᠨ ᠲᠤᠭᠤᠷᠢᠨ ᠳᠤ ᠡᠯ᠎ᠡ ᠠᠷᠠᠯᠵᠢᠶᠠᠴᠢᠨ ᠤᠷᠢᠬᠤ ᠨᠢᠭᠡᠴᠡ ᠳᠤ ᠠᠷᠠᠯᠵᠢᠶᠠᠴᠢᠨ ᠤᠷᠢᠬᠤ ᠯᠠᠪᠯᠠᠯᠲᠠ ᠬᠠᠩᠭᠠᠪᠠ᠃ ᠲᠦᠷᠦᠯ ᠵᠦᠢᠯ ᠤᠨ ᠠᠬᠢᠴᠠ ᠶᠢ ᠴᠢᠩᠭ᠎ᠠ ᠮᠦᠷᠳᠡᠵᠦ᠂ ᠭᠡᠷ᠎ᠡ ᠲᠤᠭᠲᠠᠭᠰᠠᠨ ᠪᠤᠯ ᠲᠦᠷᠦᠯ ᠵᠦᠢᠯ ᠲᠤᠭᠲᠠᠭᠠᠬᠤ᠂ ᠲᠦᠷᠦᠯ ᠵᠦᠢᠯ ᠲᠤᠭᠲᠠᠭᠰᠠᠨ ᠪᠣᠯ ᠠᠵᠢᠯ ᠡᠬᠢᠯᠡᠬᠦ᠂ ᠠᠵᠢᠯ ᠡᠬᠢᠯᠡᠭᠰᠡᠨ ᠲᠦᠷᠦᠯ ᠵᠦᠢᠯ ᠪᠣᠯ ᠭᠦᠢᠴᠡᠳᠬᠡᠬᠦ ᠶᠢ ᠴᠢᠩᠭ᠎ᠠ ᠮᠦᠷᠳᠡᠨ ᠱᠠᠭᠠᠷᠳᠠᠵᠤ᠂ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ  ᠶᠢ ᠲᠦᠷᠭᠡᠳᠬᠡᠪᠡ᠃ ︽ᠭᠠᠷᠠᠭ ᠲᠤ ᠪᠦᠷᠢᠳᠬᠡᠨ᠂ ᠠᠷᠪᠠᠨ ᠡᠳᠦᠷ ᠲᠤ ᠮᠡᠳᠡᠭᠳᠡᠵᠦ᠂ ᠰᠠᠷ᠎ᠠ ᠳᠤ ᠵᠠᠳᠠᠯᠤᠨ ᠰᠢᠨᠵᠢᠯᠡᠵᠦ᠂ ᠤᠯᠠᠷᠢᠯ ᠢᠶᠠᠷ ᠲᠤᠪᠯᠠᠵᠤ᠂ ᠤᠨ ᠤ ᠬᠢᠨᠠᠯᠲᠠ ᠬᠢᠬᠦ︾ ᠠᠵᠢᠯ ᠤᠨ ᠲᠤᠭᠲᠠᠴᠠ ᠶᠤᠰᠤᠭᠠᠷ ᠡᠯ᠎ᠡ ᠠᠷᠠᠯᠵᠢᠶᠠᠴᠢᠨ ᠤᠷᠢᠬᠤ ᠨᠢᠭᠡᠴᠡ ᠶᠢᠨ ᠡᠳᠦᠷ ᠲᠤᠲᠤᠮ ᠤᠨ ᠠᠵᠢᠯ ᠶᠠᠪᠤᠭᠳᠠᠭᠤᠯᠤᠭᠰᠠᠨ ᠠᠬᠢᠴᠠ ᠶᠢ ᠦᠷᠭᠦᠯᠵᠢᠯᠡᠨ ᠮᠦᠷᠳᠡᠵᠦ᠂ ᠲᠤᠬᠢᠷᠠᠭᠤᠯᠤᠨ᠂ ᠳᠦᠷᠢᠮ ᠲᠤᠭᠲᠠᠭᠠᠯ ᠢᠶᠠᠷ ᠠᠵᠢᠯ ᠶᠠᠪᠤᠳᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号