ᠬᠤᠩᠱᠠᠨ ᠲᠣᠭᠤᠷᠢᠭ ᠣᠯᠠᠨ ᠠᠷᠭ᠎ᠠ ᠠᠪᠴᠠᠯ ᠢᠶᠠᠷ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠪᠠᠷᠢᠮᠲᠡ ᠬᠡᠷᠡᠭᠯᠡᠬᠦ ᠶᠢ ᠲᠦᠭᠡᠮᠡᠯᠵᠢᠭᠦᠯᠪᠡ
ᠨᠡᠶᠢᠲᠡᠯᠡᠭᠰᠡᠨ ᠴᠠᠭ᠄
2022/8/8
      ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠪᠠᠷᠢᠮᠲᠠ ᠳᠤ ᠰᠠᠭᠤᠷᠢᠯᠠᠭᠰᠠᠨ ︽ᠬᠤᠯᠪᠤᠯᠴᠠᠯ ᠨᠧᠲ + ︾ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠦᠭᠵᠢᠯᠲᠡ ᠶᠢ ᠲᠦᠷᠭᠡᠳᠬᠡᠨ ᠠᠬᠢᠭᠤᠯᠵᠤ᠂ ᠳᠠᠭᠠᠳᠬᠠᠯ  ᠳᠤ ᠤᠷᠤᠯᠴᠠᠭᠰᠠᠨ ᠤᠯᠠᠨ ᠲᠥᠮᠡᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠶᠠᠪᠤᠳᠠᠯ ᠢ ᠭᠦᠢᠴᠡᠳᠬᠡᠬᠦ ᠳᠤ ᠤᠯᠠᠮ ᠨᠢᠭᠡ ᠠᠯᠬᠤᠮ ᠳᠦᠭᠦᠮ ᠦᠵᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠤᠯᠠᠨ ᠲᠥᠮᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠦᠭᠡ ᠬᠤᠩᠱᠠᠨ ᠲᠣᠭᠤᠷᠢᠭ ᠤᠯᠠᠨ ᠠᠷᠭ᠎ᠠ ᠠᠪᠴᠠᠯ ᠢᠶᠠᠷ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠪᠠᠷᠢᠮᠲᠠ ᠬᠡᠷᠡᠭᠯᠡᠬᠦ ᠶᠢ ᠲᠦᠭᠡᠮᠡᠯᠵᠢᠭᠦᠯᠪᠡ᠃        ᠨᠢᠭᠡ ᠳᠤ ᠵᠤᠬᠢᠶᠠᠨ ᠪᠠᠶᠢᠭᠤᠯᠤᠯᠲᠠ ᠪᠠᠨ ᠴᠢᠩᠭᠠᠳᠬᠠᠨ᠂ ᠴᠢᠩᠭ᠎ᠠ ᠠᠳᠬᠤᠨ ᠨᠠᠶᠢᠳᠠᠪᠤᠷᠢᠵᠢᠭᠤᠯᠪᠠ᠃ ᠲᠤᠰ ᠠᠵᠢᠯ ᠢ ᠲᠤᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ ᠨᠢᠭᠡᠲᠦᠯᠲᠡᠢ ᠱᠠᠪᠳᠠᠨ ᠵᠢᠯᠤᠭᠤᠳᠴᠤ᠂ ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠪᠠᠷᠢᠮᠲᠠ ᠶᠢ ᠢᠳᠡᠪᠬᠢᠵᠢᠭᠦᠯᠦᠨ ᠬᠡᠷᠡᠭᠯᠡᠬᠦ ᠪᠠ ᠲᠦᠭᠡᠮᠡᠯᠵᠢᠭᠦᠯᠬᠦ ᠲᠤᠬᠠᠢ ᠮᠡᠳᠡᠭᠳᠡᠯ︾ ᠢ ᠲᠤᠭᠲᠠᠭᠠᠨ᠂ ᠮᠡᠳᠡᠭᠳᠡᠯ ᠳᠤ ᠲᠤᠰ ᠠᠵᠢᠯ ᠢ ᠤᠨ ᠤ ᠠᠵᠢᠯ ᠤᠨ ᠬᠢᠨᠠᠯᠲᠠ ᠶᠢᠨ ᠠᠭᠤᠯᠭ᠎ᠠ ᠳᠤ ᠤᠷᠤᠭᠤᠯᠬᠤ ᠪᠠᠷ ᠲᠤᠭᠲᠠᠭᠠᠬᠤ ᠶᠢᠨ ᠬᠠᠮᠲᠤ ᠡᠭᠦᠷᠭᠡ ᠪᠠᠨ ᠪᠡᠶᠡᠯᠡᠭᠦᠯᠦᠭᠡ ᠦᠭᠡᠢ ᠨᠢᠭᠡᠴᠡ ᠪᠠ ᠰᠠᠯᠠᠭ᠎ᠠ ᠮᠦᠴᠢᠷ ᠢ ᠪᠦᠬᠦ ᠲᠤᠭᠤᠷᠢᠭ ᠲᠤ ᠮᠡᠳᠡᠭᠳᠡᠪᠡ᠃ ᠬᠠᠷᠠᠯᠲᠠ᠂ ᠡᠭᠦᠷᠭᠡ᠂ ᠴᠠᠭ᠂ ᠵᠠᠩᠭᠢᠯᠠᠭ᠎ᠠ ᠶᠢᠨ ᠴᠡᠭ ᠢ ᠲᠤᠭᠲᠠᠭᠠᠨ᠂ ᠵᠤᠬᠢᠴᠠᠭᠤᠯᠬᠤ ᠲᠤᠭᠲᠠᠴᠠ ᠶᠢ ᠪᠠᠶᠢᠭᠤᠯᠵᠤ᠂ ᠡᠯ᠎ᠡ ᠰᠢᠶᠠᠩ ᠪᠠᠯᠭᠠᠰᠤ᠂ ᠪᠠᠶᠢᠭᠤᠯᠭ᠎ᠠ᠂ ᠰᠤᠷᠭᠠᠭᠤᠯᠢ᠂ ᠡᠯ᠎ᠡ ᠲᠤᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠬᠠᠮᠵᠢᠯᠴᠠᠨ ᠠᠬᠢᠭᠤᠯᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠯᠠᠪᠰᠢᠷᠠᠭᠤᠯᠪᠠ᠃ ᠡᠯ᠎ᠡ ᠨᠢᠭᠡᠴᠡ ᠪᠠ ᠰᠠᠯᠠᠭ᠎ᠠ ᠮᠦᠴᠢᠷ ᠤᠨ ᠤᠳᠤᠷᠢᠳᠤᠯᠭ᠎ᠠ  ᠶᠢᠨ ᠺᠠᠷᠲ ᠢᠶᠠᠨ ᠨᠡᠭᠡᠭᠡᠭᠰᠡᠨ ᠦᠭᠡᠢ ᠬᠦᠮᠦᠰ ᠢ ᠺᠠᠷᠲ ᠪᠠᠨ ᠨᠡᠭᠡᠭᠡᠭᠰᠡᠨ ᠤ ᠳᠠᠷᠠᠭ᠎ᠠ ᠵᠢᠷᠤᠭ ᠤᠨ ᠬᠡᠯᠪᠡᠷᠢ ᠪᠠᠷ ᠲᠤᠭᠲᠠᠭᠰᠠᠨ ᠢᠮᠧᠯ ᠳᠤ ᠳᠡᠪᠰᠢᠭᠦᠯᠦᠨ ᠬᠦᠷᠭᠡᠵᠦ ᠲᠤᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶ᠎ᠠ ᠪᠠᠶᠢᠳᠠᠯ ᠢ ᠪᠦᠷᠢᠳᠬᠡᠨ ᠬᠤᠷᠢᠶᠠᠩᠭᠤᠶᠢᠯᠠᠪᠠ᠃        ᠬᠤᠶᠠᠷ ᠲᠤ ᠰᠦᠯᠵᠢᠶᠡᠨ ᠤ ᠤᠬᠠᠭᠤᠯᠭ᠎ᠠ ᠶᠢ ᠦᠷᠨᠢᠭᠦᠯᠪᠡ᠃ ᠸᠢᠴᠠᠲ ᠤᠨ ᠨᠠᠶᠢᠵᠠ ᠶᠢᠨ ᠲᠤᠭᠤᠷᠢᠭ᠂ ᠤᠯᠠᠨ ᠨᠡᠶᠢᠲᠡ ᠶᠢᠨ ᠲᠠᠪᠴᠠᠩ ᠵᠡᠷᠭᠡ ᠤᠯᠠᠨ ᠲᠦᠷᠦᠯ ᠤᠨ ᠬᠡᠯᠪᠡᠷᠢ ᠶᠢ ᠠᠪᠴᠤ᠂ ᠵᠢᠷᠤᠭ ᠦᠰᠦᠭ ᠤᠶᠠᠯᠳᠤᠭᠤᠯᠤᠭᠰᠠᠨ ᠤᠬᠠᠭᠤᠯᠭ᠎ᠠ ᠪᠠᠷ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠪᠠᠷᠢᠮᠲᠠ ᠶᠢᠨ ᠪᠤᠢ ᠪᠤᠯᠬᠤ ᠪᠠ ᠢᠳᠡᠪᠬᠢᠵᠢᠭᠦᠯᠬᠦ ᠠᠯᠬᠤᠮ ᠳᠠᠷᠠᠭ᠎ᠠ ᠶᠢ ᠤᠬᠠᠭᠤᠯᠤᠨ᠂ ᠳᠠᠭᠠᠳᠬᠠᠯ ᠳᠤ ᠤᠷᠤᠯᠴᠠᠭᠰᠠᠳ ᠲᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠪᠠᠷᠢᠮᠲᠠ ᠶᠢᠨ ᠬᠡᠷᠡᠭᠯᠡᠯᠲᠡ ᠶᠢᠨ ᠬᠦᠷᠢᠶ᠎ᠡ ᠬᠡᠪᠴᠢᠶ᠎ᠡ ᠪᠠ ᠳᠦᠭᠦᠮ ᠲᠦᠳᠡ ᠴᠢᠨᠠᠷ ᠢ ᠲᠦᠭᠡᠮᠡᠯᠵᠢᠭᠦᠯᠵᠦ᠂ ᠣᠯᠠᠨ ᠲᠥᠮᠡᠨ ᠤ ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠦᠭᠦᠯᠬᠦ  ᠶᠢ ᠬᠦᠲᠦᠯᠦᠨ ᠵᠢᠯᠤᠭᠤᠳᠪᠠ᠃        ᠭᠤᠷᠪᠠ ᠳᠤ ᠰᠦᠯᠵᠢᠶ᠋ᠶᠡᠨ ᠤ ᠪᠤᠰᠤ ᠬᠦᠲᠦᠴᠢ ᠶᠢ ᠰᠠᠶᠢᠲᠤᠷ ᠬᠢᠪᠡ᠃ ᠡᠯ᠎ᠡ ᠰᠢᠶᠠᠩ ᠪᠠᠯᠭᠠᠰᠤ᠂ ᠡᠯ᠎ᠡ ᠲᠤᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠬᠦᠮᠦᠰ ᠲᠤ ᠡᠮ ᠡᠮᠨᠡᠯᠭᠡ ᠶᠢᠨ ᠳᠠᠭᠠᠳᠬᠠᠯ  ᠤᠨ ᠡᠯᠧᠺᠲᠷᠤᠨ ᠪᠠᠷᠢᠮᠲᠠ ᠶᠢᠨ ᠬᠡᠷᠡᠭᠯᠡᠯᠲᠡ ᠶᠢ ᠲᠦᠭᠡᠮᠡᠯᠵᠢᠭᠦᠯᠬᠦ ᠠᠵᠢᠯ ᠶᠠᠪᠤᠳᠠᠯ ᠤᠨ ᠪᠤᠯᠪᠠᠰᠤᠷᠠᠭᠤᠯᠤᠯ ᠢ ᠢᠳᠡᠪᠬᠢᠲᠡᠢ ᠦᠷᠨᠢᠭᠦᠯᠪᠡ᠃ ᠪᠤᠯᠪᠰᠤᠷᠠᠭᠤᠯᠤᠯ ᠤᠨ ᠬᠤᠷᠠᠯ᠂ ᠡᠷᠦᠬᠡ ᠳᠤ ᠬᠦᠷᠬᠦ ᠪᠠ ᠰᠠᠭᠤᠭᠠᠯᠢ ᠠᠷᠠᠳ ᠲᠠᠢ ᠠᠭᠤᠯᠵᠠᠨ ᠶᠠᠷᠢᠯᠴᠠᠬᠤ ᠵᠡᠷᠭᠡ ᠠᠷᠭ᠎ᠠ ᠠᠪᠴᠠᠯ ᠢᠶᠠᠷ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠪᠠᠷᠢᠮᠲᠠ  ᠶᠢᠨ ᠬᠡᠷᠡᠭᠯᠡᠯᠲᠡ ᠶᠢ ᠲᠦᠭᠡᠮᠡᠯᠵᠢᠭᠦᠯᠬᠦ ᠠᠵᠢᠯ ᠢ ᠦᠷᠨᠢᠭᠦᠯᠪᠡ᠃ ᠵᠢᠱᠢᠶᠡᠯᠡᠵᠦ ᠦᠵᠡᠭᠦᠯᠬᠦ ᠪᠠ ᠲᠠᠶᠢᠯᠪᠦᠷᠢᠯᠡᠬᠦ ᠪᠠᠷ ᠳᠠᠮᠵᠢᠨ ᠤᠯᠠᠨ ᠲᠥᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠤᠨ ᠪᠠᠷᠢᠮᠲᠠ ᠶᠢ ᠠᠪᠬᠤ ᠠᠷᠭ᠎ᠠ ᠵᠢᠴᠢ ᠬᠡᠷᠡᠭᠯᠡᠭᠡᠨ ᠤ ᠴᠢᠳᠠᠮᠵᠢ ᠶᠢ ᠤᠬᠠᠭᠤᠯᠵᠤ᠂ ᠲᠤᠬᠠᠢ ᠶᠢᠨ ᠲᠠᠯᠠᠪᠠᠢ ᠳᠤ ᠤᠯᠠᠨ ᠲᠥᠮᠡᠨ ᠤ ᠰᠡᠵᠢᠭ ᠢ ᠠᠯᠳᠠᠷᠠᠭᠠᠵᠤ ᠮᠠᠳᠠᠭ ᠢ ᠲᠠᠶᠢᠯᠠᠪᠠ᠃ ᠤᠳᠤᠬᠠᠨ ᠪᠤᠯᠲᠠᠯ᠎ᠠ ᠺᠠᠷᠲ ᠪᠠᠨ ᠢᠳᠡᠪᠬᠢᠵᠢᠭᠦᠯᠦᠨ ᠢᠮᠧᠯ ᠢᠶᠠᠷ ᠳᠡᠪᠰᠢᠭᠦᠯᠦᠭᠰᠡᠳ ᠨᠡᠶᠢᠲᠡ 46 ᠨᠢᠭᠡᠴᠡ ᠶᠢᠨ 26252 ᠬᠦᠮᠦᠨ ᠪᠤᠢ᠃ ᠡᠭᠦᠨ ᠤ ᠬᠠᠮᠲᠤ ᠬᠠᠯᠠᠮᠰᠢᠯ ᠤᠲᠠᠰᠤ ᠲᠤᠬᠢᠷᠠᠭᠤᠯᠵᠤ ᠬᠤᠶᠠᠷ ᠲᠤᠰᠬᠠᠢ ᠠᠵᠢᠯᠲᠠᠨ ᠲᠤᠬᠢᠷᠠᠭᠤᠯᠤᠨ ᠳᠠᠭᠠᠳᠬᠠᠯ ᠳᠤ ᠤᠷᠤᠯᠴᠠᠭᠰᠠᠨ ᠰᠤᠷᠠᠭ ᠵᠠᠩᠭᠢ ᠦᠭᠡᠢ᠂ ᠳᠠᠭᠠᠳᠬᠠᠯ ᠳᠤ ᠤᠷᠤᠯᠴᠠᠭᠰᠠᠨ ᠭᠠᠵᠠᠷ ᠨᠢ ᠣᠯᠠᠨ ᠵᠡᠷᠭᠡ ᠤᠨᠴᠠᠭᠠᠢ ᠪᠠᠶᠢᠳᠠᠯ ᠢ ᠰᠢᠢᠳᠪᠦᠷᠢᠯᠡᠨ᠂ ᠡᠳᠦᠷ ᠪᠦᠷᠢ ᠬᠠᠯᠠᠮᠰᠢᠯ ᠤᠲᠠᠰᠤ  ᠪᠠᠷ 100 ᠭᠠᠷᠤᠢ ᠤᠳᠠᠭ᠎ᠠ ᠰᠢᠢᠳᠪᠦᠷᠢᠯᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号