ᠬᠤᠩᠱᠠᠨ ᠲᠣᠭᠤᠷᠢᠭ ᠤᠨ ᠣᠯᠠᠨ ᠰᠠᠯᠠᠭ᠎ᠠ ᠮᠦᠴᠢᠷ ᠬᠤᠯᠪᠤᠭᠠᠯᠠᠨ ᠰᠤᠷᠭᠠᠭᠤᠯᠢ ᠶᠢᠨ ᠡᠷᠭᠢᠨ ᠲᠣᠭᠤᠷᠢᠨ  ᠳᠠᠬᠢ ᠰᠤᠶᠤᠯ ᠤᠨ ᠵᠠᠬ᠎ᠠ ᠳᠡᠯᠭᠡᠭᠦᠷ ᠲᠤ ᠲᠤᠰᠬᠠᠢ ᠲᠦᠷᠦᠯ ᠤᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2022/9/1
         ᠨᠠᠰᠤᠨ ᠳᠤ ᠦᠯᠦ ᠬᠦᠷᠦᠭᠰᠡᠳ ᠤᠨ ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠶᠢ ᠬᠠᠯᠠᠮᠵᠢᠯᠠᠵᠤ᠂ ᠰᠤᠷᠭᠠᠭᠤᠯᠢ ᠶᠢᠨ ᠡᠷᠭᠢᠨ ᠲᠤᠭᠤᠷᠢᠨ ᠳᠠᠬᠢ ᠰᠤᠶᠤᠯ ᠤᠨ ᠣᠷᠴᠢᠨ ᠲᠤᠭᠤᠷᠢᠨ ᠢ ᠦᠷᠭᠦᠯᠵᠢᠯᠡᠨ ᠴᠡᠪᠡᠷᠰᠢᠭᠦᠯᠬᠦ  ᠶᠢᠨ ᠲᠥᠯᠦᠭᠡ ᠬᠤᠩᠱᠠᠨ ᠲᠣᠭᠤᠷᠢᠭ ᠤᠨ ᠣᠯᠠᠨ ᠰᠠᠯᠠᠭ᠎ᠠ ᠮᠦᠴᠢᠷ ᠬᠤᠯᠪᠤᠭᠠᠯᠠᠨ ᠰᠤᠷᠭᠠᠭᠤᠯᠢ ᠶᠢᠨ ᠡᠷᠭᠢᠨ ᠲᠣᠭᠤᠷᠢᠨ ᠳᠠᠬᠢ ᠰᠤᠶᠤᠯ ᠤᠨ ᠵᠠᠬ᠎ᠠ ᠳᠡᠯᠭᠡᠭᠦᠷ ᠲᠤ ᠲᠤᠰᠬᠠᠢ ᠲᠦᠷᠦᠯ ᠤᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠦᠷᠨᠢᠭᠦᠯᠪᠡ᠃ ᠪᠠᠶᠢᠴᠠᠭᠠᠯᠲᠠ ᠨᠢ ᠬᠤᠩᠱᠠᠨ ᠲᠤᠭᠤᠷᠢᠭ ᠤᠨ ᠤᠯᠠᠩᠬᠢ ᠳᠤᠮᠳᠠᠳᠤ ᠪᠠᠭ᠎ᠠ ᠰᠤᠷᠭᠠᠭᠤᠯᠢ ᠶᠢ ᠪᠦᠬᠦᠨ  ᠢ ᠪᠦᠷᠬᠦᠵᠦ᠂ ᠡᠯ᠎ᠡ ᠰᠤᠷᠭᠠᠭᠤᠯᠢ ᠶᠢᠨ ᠡᠷᠭᠢᠨ ᠲᠤᠭᠤᠷᠢᠨ ᠤ ᠨᠣᠮ ᠤᠨ ᠳᠡᠯᠭᠡᠭᠦᠷ᠂ ᠰᠤᠨᠢᠨ ᠰᠡᠳᠬᠦᠯ ᠤᠨ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠬᠤᠶᠠᠷ ᠲᠦᠭᠦᠷᠢᠭ ᠤᠨ ᠳᠡᠯᠭᠡᠭᠦᠷ᠂ ᠪᠡᠯᠡᠭ ᠰᠡᠯᠲᠡ ᠶᠢᠨ ᠳᠡᠯᠭᠡᠭᠦᠷ ᠵᠡᠷᠭᠡ ᠡᠵᠡᠩᠨᠡᠯᠲᠡ ᠶᠢᠨ ᠲᠠᠯᠠᠪᠤᠷ ᠨᠢ ᠦᠨᠡᠮᠯᠡᠯ ᠲᠠᠢ ᠡᠰᠡᠭᠦ᠂ ᠡᠷᠡᠭᠦᠯ ᠪᠤᠰᠤ ᠠᠭᠤᠯᠭ᠎ᠠ ᠲᠠᠢ ᠨᠤᠮ ᠰᠡᠳᠬᠦᠯ᠂ ᠬᠠᠭᠤᠷᠮᠠᠭ ᠬᠡᠪᠯᠡᠯ᠂ ᠬᠠᠤᠯᠢ ᠪᠤᠰᠤ ᠵᠢᠭᠠᠨ ᠵᠢᠯᠤᠭᠤᠳᠬᠤ ᠮᠠᠲ᠋ᠧᠷᠢᠶᠠᠯ ᠬᠤᠳᠠᠯᠳᠤᠵᠤ ᠪᠠᠶᠢᠬᠤ ᠡᠰᠡᠭᠦ ᠶᠢ ᠭᠤᠤᠯᠳᠠᠯᠭ᠎ᠠ ᠲᠠᠢ ᠪᠠᠶᠢᠴᠠᠭᠠᠵᠤ᠂ ᠵᠠᠯᠠᠭᠤ ᠪᠠᠭᠠᠴᠤᠳ ᠲᠤ ᠠᠰᠢᠭ ᠦᠭᠡᠢ ᠪᠤᠶᠤ ᠬᠤᠤᠷ ᠬᠦᠨᠦᠭᠡᠯ ᠪᠦᠬᠦᠢ ᠠᠭᠤᠯᠭ᠎ᠠ ᠲᠠᠢ ᠪᠢᠴᠢᠭ ᠤᠨ ᠬᠡᠷᠡᠭᠰᠡᠯ᠂ ᠨᠠᠭᠠᠳᠤᠮ ᠵᠡᠷᠭᠡ ᠰᠤᠶᠤᠯ ᠤᠨ ᠬᠡᠷᠡᠭᠰᠡᠯ ᠢ ᠲᠤᠬᠠᠢ ᠶᠢᠨ ᠲᠠᠯᠠᠪᠠᠢ ᠳᠤ ᠵᠠᠷᠯᠢᠭᠳᠠᠨ ᠬᠤᠳᠠᠯᠳᠤᠬᠤ ᠶᠢ ᠵᠤᠭᠰᠤᠭᠠᠪᠠ᠃ ᠡᠭᠦᠨ ᠤ ᠬᠠᠮᠲᠤ ᠬᠠᠷᠢᠶ᠎ᠠ ᠣᠷᠤᠨ ᠤ ᠰᠡᠯᠡᠭᠦᠴᠡᠯ ᠡᠵᠡᠩᠨᠡᠯᠲᠡ ᠶᠢᠨ ᠲᠠᠯᠠᠪᠤᠷ ᠢ ᠬᠢᠨᠠᠨ ᠪᠠᠶᠢᠴᠠᠭᠠᠪᠠ᠃ ᠡᠯ᠎ᠡ ᠲᠠᠯᠠᠪᠤᠷ ᠤᠨ ᠬᠠᠷᠢᠭᠤᠴᠠᠯᠭᠠᠲᠠᠳ ᠲᠤ ᠤᠬᠠᠭᠤᠯᠭ᠎ᠠ ᠬᠦᠮᠦᠵᠢᠯ ᠬᠢᠵᠦ᠂ ᠡᠵᠡᠩᠨᠡᠭᠴᠢ ᠶᠢᠨ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠤᠬᠠᠭᠤᠯᠤᠨ ᠰᠤᠷᠲᠠᠯᠴᠢᠯᠠᠪᠠ᠃ ᠨᠡᠶᠢᠲᠡ 40 ᠭᠠᠷᠤᠢ ᠰᠤᠷᠭᠠᠭᠤᠯᠢ ᠶᠢᠨ ᠡᠷᠭᠢᠨ ᠲᠤᠭᠤᠷᠢᠨ ᠤ ᠨᠤᠮ ᠤᠨ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ ᠢ ᠪᠠᠶᠢᠴᠠᠭᠠᠵᠤ᠂ 20 ᠭᠠᠷᠤᠢ ᠳᠡᠪᠲᠡᠷ ᠬᠠᠤᠯᠢ ᠪᠤᠰᠤ ᠰᠡᠳᠬᠦᠯ ᠢ ᠬᠤᠷᠢᠶᠠᠨ ᠠᠪᠴᠤ᠂ 1 ᠦᠨᠡᠮᠯᠡᠯ ᠦᠭᠡᠢ ᠪᠠᠷ ᠡᠵᠡᠩᠨᠡᠭᠰᠡᠨ ᠨᠢᠭᠡᠴᠡ ᠶᠢ ᠵᠠᠷᠯᠢᠭᠳᠠᠨ ᠦᠭᠡᠷᠡᠴᠢᠯᠡᠨ ᠴᠡᠭᠴᠡᠯᠡᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号