9 ᠰᠠᠷ᠎ᠠ ᠶᠢᠨ 28 ᠤ ᠡᠳᠦᠷ ᠬᠤᠩᠱᠠᠨ ᠲᠣᠭᠤᠷᠢᠭ ᠬᠡᠷᠡᠭᠯᠡᠭᠡ ᠶᠢ ᠠᠬᠢᠭᠤᠯᠬᠤ ᠬᠠᠮᠢᠶ᠎ᠠ ᠪᠦᠬᠦᠢ ᠠᠵᠢᠯᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/9/30
       ᠬᠤᠩᠱᠠᠨ ᠲᠣᠭᠤᠷᠢᠭ ᠨᠠᠷᠢᠨ ᠬᠢᠨᠠᠮᠠᠭᠠᠢ ᠵᠠᠳᠠᠯᠤᠨ ᠰᠤᠳᠤᠯᠵᠤ᠂ ᠪᠤᠳᠠᠲᠠᠢ ᠲᠠᠢ ᠤᠶᠠᠯᠳᠤᠭᠤᠯᠤᠨ᠂ ᠬᠡᠷᠡᠭᠯᠡᠭᠡ ᠶᠢ ᠠᠬᠢᠭᠤᠯᠬᠤ ᠠᠵᠢᠯᠯᠠᠭᠠᠨ ᠤ ᠠᠷᠭ᠎ᠠ ᠠᠪᠴᠠᠯ ᠳᠤᠷᠠᠳᠪᠠ᠃ ︽ᠵᠠᠰᠠᠭ ᠤᠨ ᠣᠷᠳᠤᠨ ᠵᠢᠯᠤᠭᠤᠳᠴᠤ᠂ ᠠᠵᠤ ᠠᠬᠤᠢ ᠤᠷᠤᠯᠴᠠᠨ᠂ ᠵᠠᠭᠤᠴᠢᠯᠠᠭᠤᠷ ᠤᠬᠠᠭᠤᠯᠵᠤ᠂ ᠠᠷᠠᠯᠵᠢᠶᠠᠨ ᠳᠤ ᠠᠰᠢᠭᠲᠠᠢ ᠠᠷᠠᠳ ᠲᠤ ᠠᠰᠢᠭ ᠬᠦᠷᠲᠡᠭᠡᠬᠦ︾ ᠵᠠᠷᠴᠢᠮ ᠢ ᠪᠠᠷᠢᠮᠲᠠᠯᠠᠨ᠂ ᠭᠤᠤᠯᠳᠠᠯᠭ᠎ᠠ ᠲᠠᠢ ᠴᠠᠭ ᠵᠠᠩᠭᠢᠯᠠᠭ᠎ᠠ ᠶᠢ ᠠᠳᠬᠤᠵᠤ᠂ ᠭᠡᠷ ᠤᠨ ᠴᠠᠬᠢᠯᠭᠠᠨ ᠬᠡᠷᠡᠭᠰᠡᠯ᠂ ᠠᠷᠠᠯᠵᠢᠶᠠᠨ ᠤ ᠲᠠᠯᠠᠪᠤᠷ᠂ ᠢᠳᠡᠭᠡᠨ ᠤᠮᠳᠠᠭᠠᠨ᠂ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠵᠤ ᠦᠢᠯᠡᠰ  ᠤᠨ ᠲᠤᠭᠤᠷᠢᠨ ᠳᠤ ᠠᠷᠠᠳ ᠲᠤ ᠠᠰᠢᠭ ᠬᠦᠷᠲᠡᠭᠡᠬᠦ ᠡᠯᠧᠺᠲᠷᠤᠨ ᠠᠷᠠᠯᠵᠢᠶᠠᠨ ᠤ ᠲᠡᠮᠳᠡᠭᠲᠦ᠂ ᠮᠠᠰᠢᠨ ᠲᠡᠷᠭᠡᠨ ᠤ ᠨᠦᠬᠦᠪᠦᠷᠢ ᠲᠠᠷᠬᠠᠭᠠᠬᠤ ᠬᠡᠯᠪᠡᠷᠢ ᠪᠠᠷ ᠬᠡᠷᠡᠭᠯᠡᠭᠡᠨ ᠳᠤ ᠰᠡᠳᠡᠯᠲᠡ ᠦᠭᠴᠦ ᠠᠬᠢᠭᠤᠯᠤᠨ᠂ ᠬᠤᠩᠱᠠᠨ ᠲᠤᠭᠤᠷᠢᠭ ᠤᠨ ᠬᠡᠷᠡᠭᠯᠡᠭᠡᠨ ᠤ ᠨᠡᠮᠡᠭᠳᠡᠯ ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠪᠡ᠃ ᠲᠤᠰ ᠤᠳᠠᠭᠠᠨ ᠤ ᠬᠡᠷᠡᠭᠯᠡᠭᠡ ᠶᠢ ᠠᠬᠢᠭᠤᠯᠬᠤ ᠠᠵᠢᠯᠯᠠᠭᠠᠨ ᠨᠡᠶᠢᠲᠡ ᠬᠤᠶᠠᠷ ᠬᠡᠰᠡᠭ ᠢᠶᠠᠷ ᠪᠦᠷᠢᠯᠳᠦᠪᠡ᠂ ᠨᠢᠭᠡ ᠲᠠᠯ᠎ᠠ ᠪᠠᠷ ᠬᠤᠩᠱᠠᠨ ᠲᠤᠭᠤᠷᠢᠭ ᠤᠨ ᠭᠡᠷ ᠤᠨ ᠴᠠᠬᠢᠯᠭᠠᠨ ᠬᠡᠷᠡᠭᠰᠡᠯ᠂ ᠠᠷᠠᠯᠵᠢᠶᠠᠨ ᠤ ᠲᠠᠯᠠᠪᠤᠷ᠂ ᠢᠳᠡᠭᠡᠨ ᠤᠮᠳᠠᠭᠠᠨ ᠤ ᠠᠵᠤ ᠠᠬᠤᠶᠢᠯᠠᠯ ᠠᠷᠠᠳ ᠲᠤ ᠠᠰᠢᠭ ᠬᠦᠷᠲᠡᠭᠡᠬᠦ ᠡᠯᠧᠺᠲᠷᠤᠨ ᠬᠡᠷᠡᠭᠯᠡᠭᠡᠨ ᠤ ᠲᠡᠮᠳᠡᠭᠲᠦ ᠲᠠᠷᠬᠠᠭᠠᠪᠠ᠃ ᠠᠵᠢᠯᠯᠠᠭᠠᠨ ᠳᠤ ᠤᠷᠤᠯᠴᠠᠭᠰᠠᠨ ᠬᠡᠷᠡᠭᠯᠡᠭᠴᠢᠳ ᠨᠢ ᠤᠯᠠᠭᠠᠨᠬᠠᠳᠠ ᠬᠤᠲᠠ ᠲᠤᠭᠤᠷᠢᠭ ᠤᠨ ᠪᠦᠬᠦᠶᠢᠯᠡ ᠰᠠᠭᠤᠭᠠᠯᠢ ᠠᠷᠠᠳ ᠪᠠᠶᠢᠵᠤ᠂ ᠬᠡᠷᠡᠭᠯᠡᠭᠡᠨ ᠤ ᠲᠡᠮᠳᠡᠭᠲᠦ ᠶᠢ ᠪᠦᠯᠦᠭ ᠬᠤᠪᠢᠶᠠᠨ ᠡᠷᠭᠢᠯᠲᠡ ᠶᠢᠨ ᠮᠠᠶ᠋ᠢᠭ ᠢᠶᠠᠷ ᠲᠠᠷᠬᠠᠭᠠᠵᠤ᠂ ᠭᠠᠷᠠᠭ ᠪᠦᠷᠢ ᠶᠢᠨ ᠲᠠᠪᠤᠨ ᠤ ᠦᠳᠡ ᠠᠴᠠ ᠡᠮᠦᠨᠡᠬᠢ 10 ᠴᠠᠭ ᠲᠤ ᠴᠠᠭ ᠲᠤᠬᠠᠢ ᠳᠤ ᠨᠢ ᠲᠠᠷᠬᠠᠭᠠᠵᠤ᠂ ᠪᠦᠬᠦ ᠪᠡᠯᠡ ᠮᠦᠩᠭᠦ ᠶᠢ ᠬᠡᠷᠡᠭᠯᠡᠵᠦ ᠪᠠᠷᠠᠭᠰᠠᠨ ᠤ ᠳᠠᠷᠠᠭ᠎ᠠ ᠠᠵᠢᠯᠯᠠᠭᠠᠨ ᠳᠠᠭᠤᠰᠪᠠ᠃ ᠨᠦᠭᠦᠭᠡ ᠲᠠᠯ᠎ᠠ ᠪᠠᠷ ᠬᠤᠩᠱᠠᠨ ᠲᠤᠭᠤᠷᠢᠭ ᠤᠨ ᠮᠠᠰᠢᠨ ᠤ ᠠᠷᠠᠯᠵᠢᠶᠠᠨ ᠤ ᠠᠵᠤ ᠠᠬᠤᠶᠢᠯᠠᠯ ᠤᠨ ᠲᠤᠭᠤᠷᠢᠨ ᠳᠤ ᠮᠠᠰᠢᠨ ᠲᠡᠷᠭᠡᠨ ᠤ ᠨᠦᠬᠦᠪᠦᠷᠢ ᠲᠠᠷᠬᠠᠭᠠᠵᠤ᠂ ᠠᠵᠢᠯᠯᠠᠭᠠᠨ  ᠤ ᠬᠤᠭᠤᠴᠠᠭᠠᠨ ᠳᠤ ᠰᠢᠨ᠎ᠡ ᠲᠡᠷᠭᠡ ᠬᠤᠳᠠᠯᠳᠤᠨ ᠠᠪᠬᠤ ᠬᠡᠷᠡᠭᠯᠡᠭᠴᠢᠳ ᠪᠡᠯᠡ ᠮᠦᠩᠭᠦ ᠶᠢᠨ ᠨᠦᠬᠦᠪᠦᠷᠢ ᠡᠷᠡᠮᠡᠯᠵᠡᠵᠦ ᠪᠡᠯᠡ ᠮᠦᠩᠬᠦ ᠶᠢᠨ ᠨᠦᠬᠦᠪᠦᠷᠢ ᠪᠠᠨ ᠲᠠᠷᠬᠠᠭᠠᠵᠤ ᠪᠠᠷᠠᠭᠠᠳ ᠠᠵᠢᠯᠯᠠᠭᠠᠨ ᠳᠠᠭᠤᠰᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号