ᠬᠤᠩᠱᠠᠨ ᠲᠣᠭᠤᠷᠢᠭ ᠬᠠᠯᠠᠮᠵᠢ ᠬᠦᠷᠭᠡᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠶᠢ ᠭᠦᠨᠵᠡᠭᠡᠢ ᠦᠷᠨᠢᠭᠦᠯᠵᠦ᠂ ᠰᠠᠭᠤᠭᠠᠯᠢ ᠠᠷᠠᠳ ᠤᠯᠠᠨ ᠲᠥᠮᠡᠨ ᠤ ᠪᠠᠴᠢᠮ ᠲᠦᠪᠡᠭᠲᠡᠢ᠂ ᠰᠠᠨᠠᠭᠠᠰᠢᠷᠠᠵᠤ ᠪᠠᠶᠢᠭ᠎ᠠ᠂ ᠬᠦᠰᠡᠨ ᠡᠷᠡᠮᠡᠯᠵᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/1/12
       ᠨᠢᠭᠡ ᠳᠤ ᠵᠤᠬᠢᠶᠠᠨ ᠪᠠᠶᠢᠭᠤᠯᠤᠯᠲᠠ ᠶᠢᠨ ᠪᠦᠲᠦᠴᠡ ᠪᠠᠨ ᠲᠡᠭᠦᠯᠳᠡᠷᠵᠢᠭᠦᠯᠵᠦ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠪᠠ᠃ 13 ᠪᠠᠯᠭᠠᠰᠤ ᠵᠡᠭᠡᠯᠢ 57 ᠨᠡᠶᠢᠭᠡᠮ ᠲᠤᠭᠤᠷᠢᠭ ᠤᠨ 455 ᠰᠠᠭᠤᠷᠢ ᠲᠤᠤᠷᠵᠢᠯ ᠳᠤ ᠲᠦᠰᠢᠭᠯᠡᠨ ᠲᠤᠤᠷᠵᠢᠯ᠂ ᠡᠭᠦᠷᠭᠡ ᠴᠢᠳᠠᠮᠵᠢ ᠶᠢᠨ ᠰᠠᠯᠠᠭ᠎ᠠ ᠮᠦᠴᠢᠷ᠂ ᠰᠢᠨ᠎ᠡ ᠪᠠᠷ ᠠᠵᠢᠯ ᠤᠯᠭᠤᠭᠰᠠᠨ ᠬᠦᠮᠦᠰ ᠵᠡᠷᠭᠡ ᠭᠤᠷᠪᠠᠨ ᠶᠡᠭᠡ ᠬᠡᠰᠡᠭ ᠤᠨ 12 ᠲᠦᠷᠦᠯ ᠤᠨ ᠦᠢᠯᠡᠴᠢᠯᠡᠭᠡᠨ ᠤ ᠬᠦᠮᠦᠰ ᠠᠴᠠ ᠪᠦᠷᠢᠯᠳᠦᠭᠰᠡᠨ ᠬᠠᠯᠠᠮᠵᠢ ᠬᠦᠷᠭᠡᠬᠦ ᠦᠢᠯᠡᠴᠢᠯᠡᠭᠡᠨ ᠤ ᠪᠠᠭ᠎ᠠ ᠠᠩᠭᠢ ᠶᠢ ᠪᠠᠶᠢᠭᠤᠯᠬᠤ ᠶᠢᠨ ᠬᠠᠮᠲᠤ ᠡᠶᠡᠷᠬᠦ ᠪᠠᠷ ᠵᠤᠷᠢᠭᠵᠢᠭᠤᠯᠬᠤ᠂ ᠡᠰᠡᠷᠭᠦ ᠠᠴᠠ ᠱᠠᠪᠳᠠᠨ ᠪᠠᠶᠢᠴᠠᠭᠠᠬᠤ ᠠᠵᠢᠯ ᠤᠨ ᠠᠷᠭ᠎ᠠ ᠮᠠᠶ᠋ᠢᠭ ᠢᠶᠠᠷ ᠡᠯ᠎ᠡ ᠵᠡᠭᠡᠯᠢ ᠭᠤᠳᠤᠮᠵᠢ  ᠶᠢᠨ ᠬᠠᠯᠠᠮᠵᠢ ᠬᠦᠷᠭᠡᠬᠦ ᠦᠢᠯᠡᠴᠢᠯᠡᠭᠡᠨ ᠤ ᠪᠠᠭ᠎ᠠ ᠠᠩᠭᠢ ᠶᠢᠨ ᠠᠵᠢᠯ ᠤᠨ ᠢᠯᠡᠷᠡᠯ ᠢ ᠵᠢᠯ ᠤᠨ ᠡᠴᠦᠰ ᠤᠨ ᠬᠢᠨᠠᠨ ᠰᠢᠯᠭᠠᠯᠲᠠ ᠳᠤ ᠤᠷᠤᠭᠤᠯᠵᠤ᠂ ᠰᠢᠯᠢᠳᠡᠭ ᠢ ᠲᠤᠭᠲᠠᠭᠠᠬᠤ ᠳᠤ ᠤᠷᠢᠳᠠᠪᠡᠷ ᠦᠨᠡᠯᠡᠵᠦ ᠡᠩ ᠲᠡᠷᠢᠭᠦᠨ ᠳᠤ ᠪᠤᠳᠤᠯᠬᠢᠯᠠᠵᠤ᠂ ᠱᠠᠩᠨᠠᠵᠤ ᠰᠡᠷᠡᠮᠵᠢᠯᠡᠭᠦᠯᠬᠦ ᠦᠨᠳᠦᠰᠦᠯᠡᠯ ᠪᠤᠯᠭᠠᠵᠤ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠠᠵᠢᠯ ᠢ ᠪᠦᠲᠦᠮᠵᠢᠲᠡᠢ ᠠᠬᠢᠭᠤᠯᠬᠤ ᠳᠤ ᠳᠡᠮ ᠪᠤᠯᠪᠠ᠃ ᠤᠳᠤᠬᠠᠨ ᠪᠤᠯᠲᠠᠯ᠎ᠠ ᠨᠡᠶᠢᠲᠡ 455 ᠬᠠᠯᠠᠮᠵᠢ ᠬᠦᠷᠭᠡᠬᠦ ᠦᠢᠯᠡᠴᠢᠯᠡᠭᠡᠨ ᠤ ᠪᠠᠭ᠎ᠠ ᠠᠩᠭᠢ᠂ 2666 ᠦᠢᠯᠡᠴᠢᠯᠡᠬᠦ ᠬᠦᠮᠦᠰ ᠢ ᠬᠠᠮᠤᠷᠪᠠ᠃        ᠬᠤᠶᠠᠷ ᠲᠤ ᠠᠵᠢᠯ ᠤᠨ ᠲᠤᠭᠲᠠᠴᠠ ᠶᠢ ᠰᠢᠯᠢᠳᠡᠭᠵᠢᠭᠦᠯᠦᠨ᠂ ᠠᠵᠢᠯ ᠤᠨ ᠴᠢᠨᠰᠠᠭ᠎ᠠ ᠪᠦᠲᠦᠮᠵᠢ ᠶᠢ ᠳᠡᠭᠡᠭᠰᠢᠯᠡᠭᠦᠯᠪᠡ᠃ ᠨᠡᠶᠢᠭᠡᠮ ᠲᠤᠭᠤᠷᠢᠭ ᠤᠨ ᠨᠠᠮ ᠤᠨ ᠳᠤᠭᠤᠶᠢᠯᠠᠩ ᠤᠨ ᠱᠦᠵᠢ᠂ ᠲᠤᠤᠷᠵᠢᠯ ᠤᠨ ᠬᠠᠮᠢᠶᠠᠷᠤᠭᠴᠢ  ᠶᠢᠨ ᠨᠢᠭᠡᠳᠦᠭᠡᠷ ᠬᠠᠷᠢᠭᠤᠴᠠᠯᠭᠠᠲᠠᠨ ᠤ ᠳᠦᠷᠢᠮ ᠢ ᠲᠤᠭᠲᠠᠭᠠᠨ᠂ ᠨᠡᠶᠢᠭᠡᠮ ᠲᠤᠭᠤᠷᠢᠭ᠂ ᠲᠤᠤᠷᠵᠢᠯ ᠤᠨ ᠠᠵᠢᠯᠲᠠᠨ ᠂ ᠲᠤᠤᠷᠵᠢᠯ ᠤᠨ ᠬᠠᠮᠢᠶᠠᠷᠤᠭᠴᠢ ︽ᠭᠤᠷᠪᠠᠨ ᠲᠠᠯ᠎ᠠ︾ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠶᠢᠨ ᠬᠠᠮᠲᠤ ᠡᠯ᠎ᠡ ᠲᠦᠷᠦᠯ ᠤᠨ ᠤᠬᠠᠭᠤᠯᠭ᠎ᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠦᠷᠭᠡᠨ ᠤᠯᠠᠨ ᠰᠠᠭᠤᠭᠠᠯᠢ ᠠᠷᠠᠳ ᠲᠤ ᠬᠠᠯᠠᠮᠵᠢ ᠬᠦᠷᠭᠡᠬᠦ ᠪᠠᠭ᠎ᠠ ᠠᠩᠭᠢ ᠶᠢᠨ ᠡᠭᠦᠷᠭᠡ ᠴᠢᠳᠠᠮᠵᠢ ᠶᠢᠨ ᠬᠦᠷᠢᠶ᠎ᠡ ᠬᠡᠪᠴᠢᠶ᠎ᠡ ᠶᠢ ᠤᠬᠠᠭᠤᠯᠵᠤ᠂ ᠨᠡᠶᠢᠭᠡᠮ ᠲᠤᠭᠤᠷᠢᠭ ᠤᠨ ᠤᠯᠠᠨ ᠲᠥᠮᠡᠨ ᠤ ᠦᠢᠯᠡᠴᠢᠯᠡᠭᠡᠨ ᠤ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ ᠦᠭᠪᠡ᠃ ᠤᠳᠤᠬᠠᠨ ᠪᠤᠯᠲᠠᠯ᠎ᠠ ᠨᠡᠶᠢᠲᠡ 470 ᠭᠠᠷᠤᠢ ᠬᠠᠯᠠᠮᠵᠢ ᠬᠦᠷᠭᠡᠬᠦ ᠦᠢᠯᠡᠴᠢᠯᠡᠭᠡᠨ ᠤ ᠸᠢᠴᠠᠲ ᠤᠨ ᠴᠤᠭᠯᠠᠷᠠᠯ ᠢ ᠪᠠᠶᠢᠭᠤᠯᠵᠤ᠂ ᠨᠡᠶᠢᠭᠡᠮ ᠲᠤᠭᠤᠷᠢᠭ ᠂ ᠵᠡᠭᠡᠯᠢ ᠭᠤᠳᠤᠮᠵᠢ ᠶᠢᠨ ᠤᠯᠠᠨ ᠨᠡᠶᠢᠲᠡ ᠶᠢᠨ ᠲᠠᠪᠴᠠᠩ ᠳᠤ 60 ᠭᠠᠷᠤᠢ ᠵᠤᠷᠪᠤᠰ ᠮᠡᠳᠡᠭᠡᠯᠡᠯ ᠨᠡᠶᠢᠲᠡᠯᠡᠵᠦ᠂ 1700 ᠭᠠᠷᠤᠢ ᠤᠳᠠᠭ᠎ᠠ ᠤᠳᠠᠰᠤ ᠪᠠᠷ ᠦᠢᠯᠡᠴᠢᠯᠡᠵᠦ᠂ 5000 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃        ᠭᠤᠷᠪᠠ ᠳᠤ ᠨᠠᠷᠢᠯᠢᠭᠵᠢᠭᠤᠯᠤᠭᠰᠠᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠨᠡᠶᠢᠯᠡᠯ ᠢ ᠨᠢᠭᠲᠠᠷᠠᠭᠤᠯᠪᠠ᠃ ᠡᠯ᠎ᠡ ᠵᠡᠭᠡᠯᠢ ᠭᠤᠳᠤᠮᠵᠢ ᠶᠢᠨ ᠬᠠᠷᠢᠶ᠎ᠠ ᠲᠤᠭᠤᠷᠢᠭ ᠤᠨ ᠭᠠᠭᠴᠠᠭᠠᠷ ᠰᠠᠭᠤᠷᠢᠰᠢᠭ᠎ᠠ ᠨᠠᠰᠤᠲᠠᠨ᠂ ᠵᠡᠮᠳᠡᠭᠴᠦᠳ ᠵᠡᠷᠭᠡ ᠤᠨᠴᠠᠭᠠᠢ ᠬᠦᠮᠦᠰ ᠲᠤ ᠵᠣᠷᠢᠭᠤᠯᠵᠤ᠂ ᠭᠦᠨᠵᠡᠭᠡᠢ ᠪᠠᠶᠢᠴᠠᠭᠠᠨ ᠰᠤᠳᠤᠯᠵᠤ᠂ ᠡᠬᠡ ᠳᠠᠩᠰᠠ ᠪᠠᠶᠢᠭᠤᠯᠤᠨ᠂ ᠰᠤᠷᠪᠤᠯᠵᠢᠯᠠᠭ᠎ᠠ ᠲᠤᠬᠤᠨᠢᠭᠤᠯᠭ᠎ᠠ ᠬᠢᠵᠦ᠂ ᠨᠠᠷᠢᠯᠢᠭ ᠤᠨᠤᠪᠴᠢᠲᠠᠢ ᠦᠢᠯᠡᠴᠢᠯᠡᠬᠦ ᠵᠡᠷᠭᠡ ᠠᠷᠭ᠎ᠠ ᠠᠪᠴᠠᠯ ᠢᠶᠠᠷ ᠬᠦᠴᠢᠷᠳᠡᠯᠲᠡᠢ ᠤᠯᠠᠨ ᠲᠥᠮᠡᠨ ᠤ ᠱᠠᠭᠠᠷᠳᠠᠯᠭ᠎ᠠ ᠶᠢ ᠭᠦᠢᠴᠡᠳ ᠪᠡᠶᠡᠴᠢᠯᠡᠨ ᠤᠶᠢᠯᠠᠭᠠᠵᠤ᠂ ᠰᠠᠭᠤᠭᠠᠯᠢ ᠠᠷᠠᠳ ᠤᠨ ᠪᠠᠴᠢᠮ ᠲᠦᠪᠡᠭᠲᠡᠢ᠂ ᠰᠠᠨᠠᠭᠠᠰᠢᠷᠠᠵᠤ ᠪᠠᠶᠢᠭ᠎ᠠ᠂ ᠬᠦᠰᠡᠨ ᠡᠷᠡᠮᠡᠯᠵᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ ᠤᠳᠤᠬᠠᠨ ᠪᠤᠯᠲᠠᠯ᠎ᠠ ᠨᠡᠶᠢᠲᠡ 425 ᠤᠨᠴᠠᠭᠠᠢ ᠬᠦᠮᠦᠰ  ᠤᠨ ᠡᠬᠡ ᠳᠠᠩᠰᠠ ᠶᠢ ᠪᠠᠶᠢᠭᠤᠯᠵᠤ᠂ 300 ᠭᠠᠷᠤᠢ ᠡᠯ᠎ᠡ ᠲᠦᠷᠦᠯ ᠤᠨ ᠬᠦᠴᠢᠷᠲᠡᠯᠲᠡᠢ ᠬᠦᠮᠦᠰ ᠢ ᠲᠤᠬᠤᠨᠢᠭᠤᠯᠵᠤ᠂ 2000 ᠭᠠᠷᠤᠢ ᠤᠳᠠᠭ᠎ᠠ ᠡᠯ᠎ᠡ ᠲᠦᠷᠦᠯ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠬᠠᠩᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号