ᠬᠤᠩᠱᠠᠨ ᠲᠣᠭᠤᠷᠢᠭ ᠤᠨ ᠨᠣᠮ ᠤᠨ ᠰᠠᠩ ᠨᠤᠮ ᠪᠢᠴᠢᠭ ᠢᠶᠠᠷ ᠰᠡᠳᠬᠢᠯ ᠰᠠᠨᠠᠭ᠎ᠠ ᠶᠢ ᠰᠢᠮᠡᠵᠢᠭᠦᠯᠦᠨ ᠤᠶᠤᠨ ᠰᠠᠨᠠᠭᠠᠨ ᠤ ᠭᠡᠷ ᠤᠷᠤᠨ ᠢ ᠴᠤᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2023/1/6
                                                           ᠨᠤᠮ ᠪᠢᠴᠢᠭ ᠪᠣᠯ ᠲᠡᠦᠬᠡ ᠶᠢ ᠬᠡᠷᠡᠴᠢᠯᠡᠭᠴᠢ᠂ ᠦᠵᠡᠯ ᠰᠠᠨᠠᠭᠠᠨ ᠤ ᠤᠯᠠᠮᠵᠢᠯᠠᠭᠴᠢ᠂ ᠬᠠᠶᠢᠷ᠎ᠠ ᠰᠡᠳᠬᠢᠯᠭᠡ ᠶᠢ ᠢᠯᠡᠳᠬᠡᠭᠴᠢ᠂ ᠳᠤᠮᠳᠠᠳᠤ ᠶᠢᠨ ᠦᠨᠳᠦᠰᠦᠲᠡᠨ ᠤ ᠰᠤᠶᠤᠯ ᠤᠨ ᠠᠴᠢᠶᠠᠯᠠᠭᠴᠢ ᠮᠦᠨ᠃ ᠬᠤᠩᠱᠠᠨ ᠲᠣᠭᠤᠷᠢᠭ ᠤᠨ ᠨᠤᠮ ᠤᠨ ᠰᠠᠩ ᠨᠢ ᠤᠩᠰᠢᠯᠭ᠎ᠠ ᠶᠢᠨ ᠦᠢᠯᠡᠴᠢᠯᠡᠭᠡᠨ ᠤ ᠠᠭᠤᠯᠭ᠎ᠠ᠂ ᠤᠩᠰᠢᠯᠭ᠎ᠠ ᠶᠢᠨ ᠠᠷᠭ᠎ᠠ ᠬᠡᠯᠪᠡᠷᠢ ᠶᠢ ᠦᠷᠭᠡᠳᠬᠡᠬᠦ᠂ ᠤᠩᠰᠢᠯᠭ᠎ᠠ ᠶᠢᠨ ᠰᠢᠨ᠎ᠡ ᠬᠡᠯᠪᠡᠷᠢ ᠶᠢ ᠰᠦᠪᠡᠭᠴᠢᠯᠡᠬᠦ ᠵᠡᠷᠭᠡ ᠠᠵᠢᠯ ᠳᠤ ᠲᠠᠰᠤᠷᠠᠯᠲᠠ ᠦᠭᠡᠢ ᠬᠦᠴᠦ ᠤᠷᠤᠭᠤᠯᠵᠤ᠂ ᠤᠯᠠᠨ ᠲᠥᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ  ᠶᠢᠨ ᠬᠠᠮᠲᠤ ᠠᠮᠢᠳᠤᠷᠠᠯ ᠢ ᠨᠡᠩ ᠰᠢᠯᠦᠭᠯᠢᠭ ᠪᠤᠯᠭᠠᠨ᠂ ᠰᠤᠶᠤᠯ ᠤᠨ ᠬᠦᠷᠲᠡᠭᠡᠮᠵᠢᠲᠦ ᠲᠦᠷᠦᠭᠳᠡᠯ ᠪᠤᠯᠤᠨ ᠵᠤᠯ ᠵᠢᠷᠭᠠᠯᠲᠤ ᠮᠡᠳᠡᠷᠡᠮᠵᠢ ᠶᠢ ᠳᠡᠭᠡᠭᠰᠢᠯᠡᠭᠦᠯᠪᠡ᠃        2017 ᠤᠨ ᠳᠤ ᠬᠤᠩᠱᠠᠨ ᠲᠣᠭᠤᠷᠢᠭ ᠤᠨ ᠨᠣᠮ ᠤᠨ ᠰᠠᠩ ᠬᠠᠳᠠ ᠵᠡᠭᠡᠯᠢ ᠶᠢᠨ ᠳᠤᠮᠳᠠ ᠬᠡᠰᠡᠭ ᠲᠤ ᠰᠢᠯᠵᠢᠵᠦ᠂ ᠪᠦᠬᠦ ᠵᠢᠯ ᠳᠤ ᠲᠥᠯᠦᠪᠦᠷᠢ ᠦᠭᠡᠢ ᠨᠡᠭᠡᠭᠡᠳᠡᠭ ᠪᠤᠯᠪᠠ᠃ ᠨᠤᠮ ᠤᠨ ᠰᠠᠩ ᠳᠤ ᠵᠢᠭᠡᠯᠡᠨ ᠤᠩᠰᠢᠬᠤ ᠲᠠᠰᠤᠭ᠂ ᠤᠩᠰᠢᠯᠭ᠎ᠠ ᠶᠢᠨ ᠦᠷᠦᠭᠡ᠂ ᠡᠯᠧᠺᠲᠷᠤᠨ ᠤᠩᠰᠢᠯᠭ᠎ᠠ ᠶᠢᠨ ᠦᠷᠦᠭᠡ᠂ ᠡᠷᠲᠡᠨ ᠤ ᠨᠤᠮ ᠤᠨ ᠦᠷᠦᠭᠡ᠂ ᠣᠷᠤᠨ ᠬᠡᠪᠴᠢᠶᠡᠨ ᠤ ᠨᠤᠮ ᠤᠨ ᠦᠷᠦᠭᠡ᠂ ᠭᠠᠵᠠᠷ ᠣᠷᠤᠨ ᠤ ᠰᠤᠷᠪᠤᠯᠵᠢ ᠪᠢᠴᠢᠭ ᠤᠨ ᠦᠷᠦᠭᠡ᠂ ᠮᠡᠳᠡᠭᠦᠯᠦᠯᠲᠡ  ᠶᠢᠨ ᠲᠢᠩᠬᠢᠮ᠂ ᠲᠤᠭᠠᠴᠢᠯᠠᠭᠰᠠᠨ ᠦᠢᠯᠡᠳᠦᠯᠭᠡ ᠶᠢᠨ ᠣᠷᠳᠤᠨ ᠵᠡᠷᠭᠡ ᠦᠢᠯᠡᠴᠢᠯᠡᠭᠡᠨ ᠤ ᠴᠤᠩᠬᠤᠪᠴᠢ ᠪᠤᠢ᠃ ᠨᠤᠮ ᠤᠨ ᠲᠠᠯᠪᠢᠭᠤᠷ ᠲᠤ 3 ᠲᠥᠮᠡ ᠭᠠᠷᠤᠢ ᠨᠤᠮ ᠪᠢᠴᠢᠭ᠂ ᠰᠤᠨᠢᠨ ᠰᠡᠳᠬᠦᠯ᠂ ᠨᠤᠮ ᠤᠨ ᠰᠠᠩ ᠳᠤ ᠴᠠᠭᠠᠰᠤᠨ ᠬᠡᠪᠯᠡᠯ ᠤᠨ 28 ᠲᠥᠮᠡ ᠭᠠᠷᠤᠢ ᠳᠡᠪᠲᠡᠷ ︵ᠬᠤᠪᠢ︶ ᠬᠠᠳᠠᠭᠠᠯᠠᠵᠤ᠂ ᠡᠭᠦᠨ ᠳᠤ 6500 ᠳᠡᠪᠲᠡᠷ ᠡᠷᠲᠡᠨ ᠤ ᠨᠤᠮ᠂ 120 ᠭᠠᠷᠤᠢ ᠵᠦᠢᠯ ᠤᠨ ᠰᠡᠳᠬᠦᠯ᠂ 11 ᠲᠦᠷᠦᠯ ᠤᠨ ᠰᠤᠨᠢᠨ᠂ 5 ᠲᠥᠮᠡᠨ ᠳᠡᠪᠲᠡᠷ ᠡᠯᠧᠺᠲᠷᠤᠨ ᠰᠤᠷᠪᠤᠯᠵᠢ ᠪᠢᠴᠢᠭ᠂ ᠰᠤᠨᠤᠰᠳᠠᠭ ᠨᠤᠮ ᠪᠠ ᠸᠢᠳᠢᠤ᠋ ᠪᠢᠴᠢᠯᠭᠡ ᠲᠤᠭᠠᠴᠢᠯᠠᠭᠰᠠᠨ ᠡᠬᠢ ᠪᠠᠶᠠᠯᠢᠭ ᠤᠨ ᠲᠤᠭ᠎ᠠ ᠬᠡᠮᠵᠢᠶ᠎ᠡ 50TB ᠬᠦᠷᠪᠡ᠃        ᠨᠤᠮ ᠤᠨ ᠰᠠᠩ ᠪᠤᠯ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠴᠤᠩᠬᠤᠪᠴᠢ ᠪᠣᠯᠤᠨ᠎ᠠ᠂ ᠨᠡᠩ ᠴᠦ ᠭᠠᠵᠠᠷ ᠣᠷᠤᠨ ᠤ ᠪᠣᠯᠪᠠᠰᠤᠨ ᠤ ᠪᠠᠶᠢᠭᠤᠯᠤᠯᠲᠠ ᠶᠢᠨ ᠭᠤᠤᠯ ᠰᠠᠭᠤᠷᠢᠨ ᠭᠠᠵᠠᠷ ᠪᠤᠯᠤᠨ᠎ᠠ᠃ ᠬᠤᠩᠱᠠᠨ ᠲᠣᠭᠤᠷᠢᠭ ᠤᠨ ᠨᠤᠮ ᠤᠨ ᠰᠠᠩ ᠤᠨ ᠦᠷᠨᠢᠭᠦᠯᠦᠭᠰᠡᠨ ᠰᠢᠨ᠎ᠡ ᠵᠢᠯ ᠤᠨ ᠬᠤᠤᠰ ᠤᠶᠠᠩᠭ᠎ᠠ ᠬᠤᠯᠪᠤᠬᠤ ᠱᠠᠩᠨᠠᠯᠲᠤ ᠠᠵᠢᠯᠯᠠᠭᠠᠨ᠂ ᠤᠯᠠᠭᠠᠨᠬᠠᠳᠠ ᠶᠢᠨ ᠭᠠᠵᠠᠷ ᠣᠷᠤᠨ ᠤ ᠤᠨᠴᠠᠯᠢᠭ ᠪᠦᠬᠦᠢ ᠦᠪᠡᠷ ᠲᠤ ᠪᠠᠨ ᠵᠤᠬᠢᠶᠠᠭᠰᠠᠨ ᠤᠳᠤ ᠥᠶ᠎ᠡ ᠶᠢᠨ ᠰᠢᠯᠦᠭ ᠤᠨ ᠣᠷᠤᠯᠳᠤᠭᠠᠨ᠂ ᠰᠤᠶᠤᠯ ᠢᠯᠡᠳᠬᠡᠯ ᠤᠨ ᠶᠡᠭᠡ ᠲᠢᠩᠬᠢᠮ ᠵᠡᠷᠭᠡ ᠰᠤᠶᠤᠯ ᠤᠨ ᠠᠵᠢᠯᠯᠠᠭᠠᠨ  ᠨᠢ ᠨᠢᠭᠡᠨᠲᠡ ᠬᠤᠩᠱᠠᠨ ᠤ ᠭᠠᠵᠠᠷ ᠤᠷᠤᠨ ᠤ ᠰᠤᠶᠤᠯ ᠤᠨ ᠨᠡᠷᠡᠲᠦ ᠲᠡᠮᠳᠡᠭᠲᠦ ᠪᠤᠯᠤᠭᠰᠠᠨ ᠪᠠᠶᠢᠨ᠎ᠠ᠃        ᠬᠤᠩᠱᠠᠨ ᠲᠣᠭᠤᠷᠢᠭ ᠤᠨ ᠨᠤᠮ ᠤᠨ ᠰᠠᠩ ᠤᠩᠰᠢᠭᠴᠢᠳ ᠲᠤ ᠰᠠᠶᠢᠲᠤᠷ ᠦᠢᠯᠡᠴᠢᠯᠡᠬᠦ ᠶᠢᠨ ᠬᠠᠮᠲᠤ ᠤᠩᠰᠢᠯᠭ᠎ᠠ ᠶᠢ ᠲᠦᠭᠡᠮᠡᠯᠵᠢᠭᠦᠯᠬᠦ ᠠᠵᠢᠯ ᠢ ᠣᠯᠠᠨ ᠠᠷᠭ᠎ᠠ ᠵᠠᠮ ᠢᠶᠠᠷ ᠦᠷᠨᠢᠭᠦᠯᠪᠡ᠃ ᠬᠤᠩᠱᠠᠨ ᠲᠣᠭᠤᠷᠢᠭ ᠤᠨ ᠨᠤᠮ ᠤᠨ ᠰᠠᠩ ᠵᠢᠯ ᠪᠦᠷᠢ ᠶᠢᠨ ︽ᠳᠡᠯᠡᠬᠡᠢ ᠶᠢᠨ ᠨᠤᠮ ᠤᠩᠰᠢᠬᠤ ᠡᠳᠦᠷ︾ ᠲᠤ ︽ᠨᠤᠮ ᠤᠨ ᠰᠠᠩ +  ᠰᠢᠨᠬᠤᠸᠠ ᠨᠤᠮ ᠤᠨ ᠳᠡᠯᠭᠡᠭᠦᠷ︾  ᠪᠦᠬᠦ ᠠᠷᠠᠳ ᠤᠨ ᠤᠩᠰᠢᠯᠭ᠎ᠠ ᠶᠢᠨ ᠬᠡᠯᠪᠡᠷᠢ ᠶᠢ ᠠᠰᠢᠭᠯᠠᠨ᠂ ᠳᠡᠯᠡᠬᠡᠢ ᠶᠢᠨ ᠨᠤᠮ ᠤᠩᠰᠢᠬᠤ ᠡᠳᠦᠷ ᠲᠤ ︽ᠲᠠ ᠤᠩᠰᠢᠵᠤ ᠪᠢ ᠲᠥᠯᠦᠪᠦᠷᠢᠯᠡᠬᠦ︾ ᠠᠵᠢᠯᠯᠠᠭᠠᠨ ᠢ ᠦᠷᠨᠢᠭᠦᠯᠵᠦ᠂ ᠪᠦᠬᠦ ᠠᠷᠠᠳ ᠤᠨ ᠨᠤᠮ ᠤᠩᠰᠢᠬᠤ᠂ ᠪᠦᠬᠦ ᠠᠷᠠᠳ ᠢᠶᠠᠷ ᠢᠶᠠᠨ ᠣᠷᠤᠯᠴᠠᠬᠤ᠂ ᠪᠦᠬᠦ ᠠᠷᠠᠳ ᠢᠶᠠᠷ ᠢᠶᠠᠨ ᠠᠰᠢᠭ ᠬᠦᠷᠲᠡᠬᠦ ᠦᠨᠢᠷ ᠦᠳᠬᠡᠨ ᠤᠩᠰᠢᠯᠭ᠎ᠠ ᠶᠢᠨ ᠠᠭᠤᠷ ᠠᠮᠢᠰᠬᠤᠯ ᠢ ᠢᠳᠡᠪᠬᠢᠲᠡᠢ ᠡᠵᠡᠩᠨᠡᠨ ᠪᠠᠶᠢᠭᠤᠯᠵᠤ᠂ ︽ᠪᠢᠴᠢᠭ  ᠤᠨ ᠰᠤᠷᠪᠤᠯᠵᠢᠲᠤ ᠤᠯᠠᠭᠠᠨᠬᠠᠳᠠ︾ ᠶᠢᠨ ᠪᠠᠶᠢᠭᠤᠯᠤᠯᠲᠠ ᠳᠤ ᠵᠢᠳᠬᠦᠯ ᠭᠠᠷᠭᠠᠨ ᠦᠩᠭᠡ ᠨᠡᠮᠡᠷᠢᠯᠡᠪᠡ᠃ ᠡᠭᠦᠨ ᠤ ᠬᠠᠮᠲᠤ ︽ᠰᠤᠶᠤᠯ ᠢᠯᠡᠳᠬᠡᠯ ᠤᠨ ᠶᠡᠭᠡ ᠲᠢᠩᠬᠢᠮ︾ ᠤᠨ ᠠᠵᠢᠯᠯᠠᠭᠠᠨ ᠦᠷᠨᠢᠭᠦᠯᠵᠦ᠂ ᠤᠯᠠᠭᠠᠨᠬᠠᠳᠠ ᠶᠢᠨ ᠭᠠᠵᠠᠷ ᠣᠷᠤᠨ ᠤ ᠨᠡᠷᠡᠲᠦ ᠪᠢᠴᠢᠭᠲᠡᠨ᠂ ᠵᠤᠬᠢᠶᠠᠯᠴᠢ ᠶᠢ ᠤᠷᠢᠨ ᠦᠷᠭᠡᠨ ᠤᠯᠠᠨ ᠬᠤᠲᠠ ᠶᠢᠨ ᠠᠷᠠᠳ ᠲᠤ ᠵᠤᠬᠢᠶᠠᠯ ᠪᠦᠲᠦᠭᠡᠯ᠂ ᠵᠤᠬᠢᠶᠠᠨ ᠪᠦᠲᠦᠭᠡᠯᠭᠡ ᠶᠢᠨ ᠤᠯᠠ ᠮᠦᠷ ᠢ ᠨᠢ ᠬᠤᠪᠢᠶᠠᠯᠴᠠᠵᠤ᠂ ᠦᠷᠭᠡᠨ ᠤᠯᠠᠨ ᠲᠥᠮᠡᠨ ᠤ ᠦᠪᠡᠷᠲᠡᠭᠡᠨ ᠵᠤᠬᠢᠶᠠᠨ ᠪᠦᠲᠦᠭᠡᠬᠦ ᠶᠢ ᠵᠣᠷᠢᠭᠵᠢᠭᠤᠯᠤᠨ᠂ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠪᠡ᠃        ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠪᠤᠯᠤᠭᠰᠠᠨ ᠤ ᠬᠤᠪᠢ ᠳᠤ ᠬᠤᠩᠱᠠᠨ ᠨᠤᠮ ᠤᠨ ᠰᠠᠩ ᠨᠢ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠭᠤᠤᠯ ᠰᠡᠳᠦᠪᠲᠦ ᠠᠵᠢᠯᠯᠠᠭᠠᠨ᠂ ᠳᠡᠯᠭᠡᠨ ᠦᠵᠡᠭᠦᠯᠭᠡ ᠦᠷᠨᠢᠭᠦᠯᠬᠦ ᠪᠠᠷ ᠪᠠᠷᠠᠬᠤ ᠦᠭᠡᠢ ᠪᠠᠰᠠ ᠲᠤᠭᠠᠴᠢᠯᠠᠭᠰᠠᠨ ᠡᠬᠢ ᠪᠠᠶᠠᠯᠢᠭ ᠤᠨ ᠲᠠᠪᠴᠠᠩ ᠢ ᠠᠰᠢᠭᠯᠠᠨ ᠡᠯ᠎ᠡ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠲᠤ ᠤᠨᠴᠠᠯᠢᠭᠲᠤ ᠲᠤᠰᠬᠠᠢ ᠰᠡᠳᠦᠪᠲᠦ ᠠᠵᠢᠯᠯᠠᠭᠠᠨ ᠦᠷᠨᠢᠭᠦᠯᠵᠦ᠂ ︽ᠬᠤᠪᠢᠰᠬᠠᠯᠲᠤ ᠦᠯᠢᠭᠡᠷ ᠲᠡᠦᠬᠡ ᠶᠢᠨ ᠬᠤᠷᠢᠶᠠᠬᠤᠢ︾ ᠨᠤᠮ ᠪᠢᠴᠢᠭ ᠤᠨ ᠲᠠᠨᠢᠯᠴᠠᠭᠤᠯᠭ᠎ᠠ ᠦᠷᠨᠢᠭᠦᠯᠵᠦ᠂ ︽ᠬᠤᠶᠠᠷ ᠢ ᠴᠤᠭᠴᠠᠯᠠᠨ ᠪᠠᠶᠢᠭᠤᠯᠬᠤ︾ ᠶᠢ ᠲᠦᠪᠯᠡᠷᠡᠭᠦᠯᠦᠨ᠂  ᠳᠤᠮᠳᠠᠳᠤ ᠶᠢᠨ ᠰᠤᠶᠤᠯ ᠤᠨ ᠨᠡᠷ᠎ᠡ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠳᠦᠷᠬᠦ ᠶᠢ ᠭᠦᠢᠴᠡᠳ ᠢᠯᠡᠷᠡᠭᠦᠯᠪᠡ᠃        ᠬᠤᠲᠠ ᠬᠦᠳᠡᠭᠡ ᠶᠢᠨ ᠰᠠᠭᠤᠭᠠᠯᠢ ᠠᠷᠠᠳ ᠢ ᠰᠤᠶᠤᠯ ᠤᠨ ᠠᠵᠢᠯᠯᠠᠭᠠᠨ ᠳᠤ ᠨᠡᠩ ᠰᠠᠶᠢᠨ ᠤᠷᠤᠯᠴᠠᠭᠤᠯᠤᠨ᠂ ᠤᠶᠤᠨ ᠰᠠᠨᠠᠭᠠᠨ ᠤ ᠬᠦᠴᠦᠨ ᠢ ᠴᠢᠩᠭᠠᠷᠠᠭᠤᠯᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠦᠭᠡ ᠬᠤᠩᠱᠠᠨ ᠲᠤᠭᠤᠷᠢᠭ ᠤᠨ ᠨᠤᠮ ᠤᠨ ᠰᠠᠩ ᠤᠯᠠᠨ ᠨᠡᠶᠢᠲᠡ ᠶᠢᠨ ᠨᠤᠮ ᠤᠨ ᠰᠠᠩ  ᠤᠨ ᠶᠡᠷᠦᠩᠬᠡᠢ ᠬᠤᠪᠢᠶᠠᠷᠢ ᠳᠦᠷᠢᠮ ᠤᠨ ᠪᠠᠶᠢᠭᠤᠯᠤᠯᠲᠠ ᠶᠢᠨ ᠲᠤᠭᠤᠷᠢᠨ ᠳᠤ 13  ᠪᠠᠯᠭᠠᠰᠤ ᠵᠡᠭᠡᠯᠢ ᠶᠢᠨ ᠬᠤᠪᠢᠶᠠᠷᠢ ᠨᠤᠮ ᠤᠨ ᠰᠠᠩ ᠢ ᠪᠦᠷᠢᠨ ᠪᠦᠷᠬᠦᠭᠦᠯᠵᠦ᠂ ᠨᠤᠮ ᠤᠨ ᠰᠠᠩ ᠤᠨ ᠬᠤᠪᠢᠶᠠᠷᠢ ᠣᠷᠳᠤᠨ ᠨᠢ ᠠᠦ᠋ᠲ᠋ᠤ᠋ ᠮᠠᠰᠢᠨ ᠢᠶᠠᠷ ᠵᠢᠭᠡᠯᠡᠵᠦ ᠪᠤᠴᠠᠭᠠᠬᠤ ᠬᠤᠷᠭᠤ᠂ ᠤᠯᠠᠨ ᠨᠡᠶᠢᠲᠡ ᠶᠢᠨ ᠰᠤᠶᠤᠯ ᠤᠨ ᠨᠢᠭᠡ ᠴᠤᠭᠴᠠᠵᠢᠭᠤᠯᠤᠭᠰᠠᠨ ᠮᠠᠰᠢᠨ ᠵᠡᠷᠭᠡ ᠲᠤᠭᠠᠴᠢᠯᠠᠭᠰᠠᠨ ᠤᠶᠤᠨᠴᠢ ᠲᠦᠬᠦᠭᠡᠷᠦᠮᠵᠢ ᠲᠤᠬᠢᠷᠠᠭᠤᠯᠤᠨ᠂ ᠨᠤᠮ ᠢ ᠬᠦᠳᠡᠭᠡ ᠬᠦᠷᠭᠡᠬᠦ ᠠᠵᠢᠯᠯᠠᠭᠠᠨ ᠢ ᠲᠤᠭᠲᠠᠮᠠᠯ ᠬᠤᠭᠤᠴᠠᠭ᠎ᠠ ᠲᠠᠢ ᠶᠠᠪᠤᠭᠳᠠᠭᠤᠯᠵᠤ᠂ ᠳᠦᠭᠦᠮ ᠳᠦᠲᠡ ᠦᠷ᠎ᠡ ᠠᠰᠢᠭ ᠰᠠᠶᠢᠲᠠᠢ ᠬᠤᠲᠠ ᠬᠦᠳᠡᠭᠡ ᠶᠢᠨ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠴᠠᠭᠠᠷᠢᠭ ᠢ ᠪᠦᠷᠢᠯᠳᠦᠭᠦᠯᠦᠨ᠂ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ︽ᠬᠠᠮᠤᠭ ᠰᠡᠭᠦᠯᠴᠢ ᠶᠢᠨ ᠨᠢᠭᠡ ᠺᠢᠯᠦᠮᠧᠲᠷ︾ ᠢ ᠨᠡᠪᠲᠡᠷᠡᠭᠦᠯᠪᠡ᠃        ᠬᠤᠩᠱᠠᠨ ᠲᠣᠭᠤᠷᠢᠭ ᠤᠨ ᠨᠤᠮ ᠤᠨ ᠰᠠᠩ ᠤᠨ ᠳᠠᠷᠤᠭ᠎ᠠ ᠢᠦᠢ ᠰᠢᠶᠤᠤ ᠯᠢᠩ ᠢᠯᠡᠷᠬᠡᠶᠢᠯᠡᠬᠦ ᠲᠡᠭᠡᠨ᠂ ᠰᠤᠶᠤᠯ ᠪᠤᠯᠪᠠᠰᠤᠷᠠᠯ ᠢ ᠠᠷᠠᠳ ᠤᠯᠠᠨ ᠤ ᠰᠡᠳᠬᠢᠯ ᠤᠨ ᠭᠦᠨ ᠳᠤ ᠬᠦᠷᠭᠡᠬᠦ ᠳᠤ ᠬᠠᠷᠠᠮ ᠭᠠᠮ ᠦᠭᠡᠢ ᠦᠢᠯᠡᠴᠢᠯᠡᠭᠡ ᠱᠠᠭᠠᠷᠳᠠᠭᠳᠠᠨ᠎ᠠ᠃ ᠬᠤᠩᠱᠠᠨ ᠲᠣᠭᠤᠷᠢᠭ ᠤᠨ ᠨᠤᠮ ᠤᠨ ᠰᠠᠩ ᠨᠢ ︽ᠤᠩᠰᠢᠭᠴᠢ ᠡᠷᠬᠢᠮ ᠠᠴᠠ ᠡᠷᠬᠢᠮ︾ ᠬᠦᠭᠵᠢᠯᠲᠡ ᠶᠢᠨ ᠤᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠲᠥᠮᠡᠨ ᠳᠤ ᠬᠠᠨᠳᠤᠵᠤ᠂ ᠨᠠᠷᠢᠯᠢᠭ ᠦᠢᠯᠡᠴᠢᠯᠡᠨ᠂ ᠦᠷᠭᠡᠨ ᠤᠯᠠᠨ ᠤᠩᠰᠢᠭᠴᠢᠳ ᠤᠨ ᠤᠩᠰᠢᠯᠭ᠎ᠠ ᠶᠢᠨ ᠰᠢᠨ᠎ᠡ ᠱᠠᠭᠠᠷᠳᠠᠯᠭ᠎ᠠ᠂ ᠰᠢᠨ᠎ᠡ ᠬᠦᠰᠡᠯ ᠬᠦᠭᠡᠭᠡᠴᠡᠯᠳᠦᠯ ᠢ ᠲᠠᠰᠤᠷᠠᠯᠲᠠ ᠦᠭᠡᠢ ᠬᠠᠩᠭᠠᠵᠤ᠂ ᠤᠩᠰᠢᠯᠭ᠎ᠠ ᠶᠢ ᠨᠢᠭᠡᠨ ᠵᠦᠢᠯ ᠤᠨ ᠭᠤᠶᠤ ᠰᠠᠶᠢᠬᠠᠨ ᠠᠮᠢᠳᠤᠷᠠᠯ ᠤᠨ ᠠᠷᠭ᠎ᠠ ᠬᠡᠯᠪᠡᠷᠢ ᠪᠤᠯᠭᠠᠪᠠ ᠭᠡᠵᠡᠢ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号