ᠬᠤᠩᠱᠠᠨ ᠲᠤᠭᠤᠷᠢᠭ ︽ᠬᠤᠶᠠᠷ ᠲᠡᠷᠢᠭᠦᠨ ᠤ︾ ᠲᠤᠰᠬᠠᠢ ᠲᠦᠷᠦᠯ ᠤᠨ ᠠᠵᠢᠯᠯᠠᠭᠠᠨ ᠤ ᠤᠨ ᠤ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/11/10
        ᠬᠤᠩᠱᠠᠨ ᠲᠣᠭᠤᠷᠢᠭ ᠠᠷᠠᠯᠵᠢᠶ᠎ᠠ ᠡᠵᠡᠩᠨᠡᠯᠲᠡ ᠶᠢᠨ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ᠂ ᠤᠴᠢᠷ ᠶᠠᠪᠤᠳᠠᠯ ᠢ ᠰᠢᠢᠳᠪᠦᠷᠢᠯᠡᠬᠦ ᠠᠯᠬᠤᠮ ᠳᠠᠷᠠᠭ᠎ᠠ ᠶᠢ ᠠᠪᠰᠠᠷᠵᠢᠭᠤᠯᠵᠤ᠂  ᠤᠴᠢᠷ ᠰᠢᠢᠳᠪᠦᠷᠢᠯᠡᠬᠦ ᠴᠢᠬᠤᠯᠠ ᠨᠦᠬᠦᠴᠡᠯ ᠢ ᠲᠤᠪᠴᠢᠯᠠᠨ᠂  ᠤᠴᠢᠷ ᠰᠢᠢᠳᠪᠦᠷᠢᠯᠡᠬᠦ ᠴᠠᠭ ᠬᠤᠭᠤᠴᠠᠭ᠎ᠠ ᠶᠢ ᠪᠤᠭᠤᠨᠢᠰᠬᠠᠵᠤ᠂  ᠰᠢᠨᠵᠢᠯᠡᠭᠡ ᠮᠡᠷᠭᠡᠵᠢᠯ ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂  ︽ᠬᠤᠶᠠᠷ ᠲᠡᠷᠢᠭᠦᠨ︾   ᠤ ᠲᠤᠰᠬᠠᠢ ᠲᠦᠷᠦᠯ ᠤᠨ ᠠᠵᠢᠯᠯᠠᠭᠠᠨ ᠤ ᠤᠨ ᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠦᠬᠦ ᠵᠢᠯ ᠳᠤ 15   ᠶᠢ ᠲᠠᠨᠢᠯᠴᠠᠭᠤᠯᠵᠤ᠂ 10 ᠨᠢ ᠲᠤᠰᠬᠠᠢ ᠮᠡᠷᠭᠡᠵᠢᠯᠲᠡᠨ ᠤ ᠬᠢᠨᠠᠯᠲᠠ ᠶᠢ ᠦᠩᠭᠡᠷᠡᠭᠡᠪᠡ᠃  60  ᠰᠢᠨᠵᠢᠯᠡᠭᠡ ᠮᠡᠷᠭᠡᠵᠢᠯ ᠤᠨ ᠲᠦᠯᠦᠪᠯᠡᠭᠡᠨ ᠤ ᠲᠦᠷᠦᠯ ᠵᠦᠢᠯ ᠢ ᠲᠠᠨᠢᠯᠴᠠᠭᠤᠯᠵᠤ᠂  ᠳᠡᠭᠡᠷ᠎ᠡ ᠱᠠᠲᠤᠨ ᠤ ᠰᠢᠨᠵᠢᠯᠡᠭᠡ ᠮᠡᠷᠭᠡᠵᠢᠯ ᠤᠨ ᠪᠡᠯᠡ ᠮᠦᠩᠭᠦ 2544.1 ᠲᠥᠮᠡᠨ ᠲᠦᠭᠦᠷᠢᠭ ᠬᠦᠷᠲᠡᠪᠡ᠃  ᠤᠳᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠠᠴᠢᠶᠠᠯᠠᠭᠴᠢ 65 ᠪᠤᠢ᠃ ᠴᠢᠳᠠᠪᠤᠷᠢᠲᠠᠨ ᠤ ᠲᠤᠭᠲᠠᠴᠠ ᠳᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃  ᠴᠢᠳᠠᠪᠤᠷᠢᠲᠠᠨ ᠢ ᠨᠠᠮ ᠬᠠᠮᠢᠶᠠᠷᠬᠤ ᠵᠠᠷᠴᠢᠮ ᠢ ᠪᠠᠷᠢᠮᠲᠠᠯᠠᠵᠤ᠂  ᠴᠢᠳᠠᠪᠤᠷᠢᠲᠠᠨ ᠤ ᠠᠵᠢᠯ ᠤᠨ ︽ᠲᠤᠲᠠᠭᠤᠳᠠᠯ ᠢ ᠨᠦᠬᠦᠪᠦᠷᠢᠯᠡᠵᠦ᠂  ᠳᠡᠭᠡᠭᠰᠢᠯᠡᠯᠲᠡ ᠶᠢ ᠠᠬᠢᠭᠤᠯᠬᠤ︾ ᠳᠦᠷᠪᠡᠨ ᠲᠦᠷᠦᠯ ᠤᠨ ᠠᠵᠢᠯᠯᠠᠭᠠᠨ ᠤ ᠲᠥᠯᠦᠪᠯᠡᠭᠡ ᠶᠢ ᠬᠡᠷᠡᠭᠵᠢᠭᠦᠯᠪᠡ᠃  ︽ᠠᠵᠢᠯ ᠤᠨ ᠪᠠᠶᠢᠷᠢ ᠤᠯᠠᠭᠠᠨᠬᠠᠳᠠ ᠳᠤ᠂  ᠰᠦᠯᠵᠢᠶ᠎ᠡ ᠪᠠᠷ ᠤᠷᠢᠵᠤ ᠬᠡᠷᠡᠭᠯᠡᠬᠦ︾ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠣᠯᠭᠤᠬᠤ ᠠᠵᠢᠯᠯᠠᠭᠠᠨ ᠢ 59  ᠤᠳᠠᠭ᠎ᠠ ᠶᠠᠪᠤᠭᠳᠠᠭᠤᠯᠵᠤ᠂ 812 ᠠᠵᠤ ᠠᠬᠤᠶᠢᠯᠠᠯ ᠳᠤ ᠦᠢᠯᠡᠴᠢᠯᠡᠵᠦ᠂ 3.9 ᠲᠥᠮᠡᠨ ᠠᠵᠢᠯ ᠤᠨ ᠪᠠᠶᠢᠷᠢ ᠨᠡᠶᠢᠲᠡᠯᠡᠵᠦ᠂  ᠴᠢᠳᠠᠪᠤᠷᠢᠲᠠᠨ ᠳᠤ ᠠᠵᠢᠯ ᠤᠯᠭᠤᠯᠲᠠ ᠶᠢᠨ ᠵᠢᠯᠤᠭᠤᠳᠤᠯᠭ᠎ᠠ ᠦᠢᠯᠡᠴᠢᠯᠡᠭᠡ ᠬᠠᠩᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号