ᠲᠤᠰᠢᠶᠠᠯ ᠳᠤ ᠲᠤᠮᠢᠯᠠᠭᠳᠠᠬᠤ ᠪᠠᠷ ᠵᠢᠱᠢᠭᠳᠡᠭᠰᠡᠳ ᠤᠨ ᠨᠡᠷᠡᠰ ᠢ ᠢᠯᠡ ᠨᠡᠶᠢᠲᠡᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2023/11/2
       ᠬᠤᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠰᠤᠳᠤᠯᠤᠨ ᠲᠤᠭᠲᠠᠭᠠᠭᠰᠠᠨ ᠢᠶᠠᠷ 3 ᠨᠡᠷ᠎ᠡ ᠲᠤᠰᠢᠶᠠᠯ ᠳᠤ ᠲᠤᠮᠢᠯᠠᠭᠳᠠᠭᠰᠠᠳ ᠢᠶᠠᠷ ᠵᠢᠱᠢᠭᠳᠡᠭᠰᠡᠳ ᠤᠨ ᠨᠡᠷᠡᠰ ᠢ ᠢᠯᠡ ᠨᠡᠶᠢᠲᠡᠯᠡᠪᠡ᠃        ᠨᠢᠭᠡ᠂ ᠢᠯᠡ ᠨᠡᠶᠢᠲᠡᠯᠡᠬᠦ ᠨᠡᠷᠡᠰ        ᠯᠥᠸᠧ ᠴᠦᠨ ᠶᠠᠨ᠂  ᠡᠮᠡᠭᠲᠡᠢ᠂ ᠬᠢᠲᠠᠳ ᠦᠨᠳᠦᠰᠦᠲᠡᠨ᠂ 1975 ᠤᠨ ᠤ 3 ᠰᠠᠷ᠎ᠠ ᠳᠤ ᠲᠦᠷᠦᠵᠷᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂  ᠳᠤᠮᠳᠠᠳᠤ ᠤᠯᠤᠰ ᠤᠨ ᠡᠪ ᠬᠠᠮᠲᠤ ᠨᠠᠮ  ᠤᠨ ᠭᠡᠰᠢᠭᠦᠨ᠂  ᠤᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠩᠱᠠᠨ ᠲᠣᠭᠤᠷᠢᠭ ᠤᠨ ᠬᠤᠷᠢᠶᠠᠨ ᠤ ᠴᠠᠭᠲᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠴᠠᠭᠳᠠᠨ ᠪᠠᠶᠢᠴᠠᠭᠠᠬᠤ ᠨᠢᠭᠡᠳᠦᠭᠡᠷ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠳᠤ ᠪᠤᠢ᠂ ᠲᠤᠭᠤᠷᠢᠭ ᠤᠨ ᠰᠢᠭᠤᠳ ᠬᠠᠷᠢᠶ᠎ᠠ ᠨᠢᠭᠡᠴᠡ ᠶᠢᠨ ᠰᠠᠯᠠᠭᠠᠨ ᠳᠡᠰ ᠤᠨ ᠤᠳᠤᠷᠢᠳᠤᠯᠭ᠎ᠠ ᠶᠢᠨ ᠲᠤᠰᠢᠶᠠᠯ ᠳᠤ ᠲᠤᠮᠢᠯᠠᠭᠳᠠᠬᠤ ᠪᠠᠷ ᠵᠢᠱᠢᠭᠳᠡᠪᠡ᠃        ᠯᠢᠦ ᠴᠦᠨ ᠵᠢᠶᠧ᠂ ᠡᠷᠡᠭᠲᠡᠢ᠂ ᠬᠢᠲᠠᠳ ᠦᠨᠳᠦᠰᠦᠲᠡᠨ᠂ 1970 ᠤᠨ ᠤ 8 ᠰᠠᠷ᠎ᠠ ᠳᠤ ᠲᠦᠷᠦᠵᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠤᠯᠠᠭᠠᠨᠬᠠᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠤᠨ ᠲᠤᠰᠢᠶᠠᠯ ᠳᠤ ᠪᠤᠢ᠂  ᠲᠤᠭᠤᠷᠢᠭ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠰᠠᠯᠠᠭᠠᠨ ᠳᠡᠰ ᠤᠨ ᠤᠳᠤᠷᠢᠳᠬᠤ ᠪᠠᠶᠢᠷᠢᠨ  ᠳᠤ ᠲᠤᠮᠢᠯᠠᠭᠳᠠᠬᠤ ᠪᠠᠷ ᠵᠢᠱᠢᠭᠳᠡᠪᠡ᠃        ᠸᠠᠩ ᠸᠧᠢ ᠵᠢᠶᠧ᠂  ᠡᠷᠡᠭᠲᠡᠢ᠂ ᠮᠤᠩᠭᠤᠯ ᠦᠨᠳᠦᠰᠦᠲᠡᠨ᠂ 1995 ᠤᠨ ᠤ 4 ᠰᠠᠷ᠎ᠠ ᠳᠤ ᠲᠦᠷᠦᠵᠡᠢ ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠦᠨ ᠂  ᠤᠳᠤ ᠬᠤᠩᠱᠠᠨ ᠲᠣᠭᠤᠷᠢᠭ ᠤᠨ ᠬᠤᠩ ᠮᠢᠶᠤᠤᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠤ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠳᠤ ᠪᠤᠢ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠤᠮᠢᠯᠠᠭᠳᠠᠬᠤ ᠪᠠᠷ ᠵᠢᠱᠢᠭᠳᠡᠪᠡ᠃        ᠬᠤᠶᠠᠷ᠂ ᠢᠯᠡ ᠨᠡᠶᠢᠲᠡᠯᠡᠬᠦ ᠬᠤᠭᠤᠴᠠᠭ᠎ᠠ        ᠢᠯᠡ ᠨᠡᠶᠢᠲᠡᠯᠡᠬᠦ ᠬᠤᠭᠤᠴᠠᠭ᠎ᠠ ᠨᠢ ᠲᠠᠪᠤᠨ ᠠᠵᠢᠯᠯᠠᠬᠤ ᠡᠳᠦᠷ ︵2023 ᠤᠨ ᠤ 10 ᠰᠠᠷ᠎ᠠ ᠶᠢᠨ 31 ᠤ ᠡᠳᠦᠷ ᠠᠴᠠ 11 ᠰᠠᠷ᠎ᠠ ᠶᠢᠨ 6 ᠤ ᠡᠳᠦᠷ ᠪᠤᠯᠲᠠᠯ᠎ᠠ︶        ᠭᠤᠷᠪᠠ᠂ ᠬᠦᠯᠢᠶᠡᠨ ᠰᠢᠢᠳᠪᠦᠷᠢᠯᠡᠬᠦ ᠠᠷᠭ᠎ᠠ ᠬᠡᠯᠪᠡᠷᠢ        ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠰᠤᠷᠪᠤᠯᠵᠢᠯᠠᠬᠤ᠂ ᠵᠠᠬᠢᠳᠠᠯ᠂ ᠤᠲᠠᠰᠤ ᠵᠡᠷᠭᠡ ᠬᠡᠯᠪᠡᠷᠢ ᠪᠠᠷ ᠢᠯᠡ ᠨᠡᠶᠢᠲᠡᠯᠡᠭᠰᠡᠨ ᠡᠲᠡᠭᠡᠳ ᠤᠨ ᠬᠠᠮᠢᠶ᠎ᠠ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠳᠤ ᠪᠠᠨ ᠭᠡᠷᠡᠴᠢ ᠶᠢᠨ ᠬᠦᠮᠦᠨ ᠵᠢᠴᠢ ᠬᠠᠮᠢᠶ᠎ᠠ ᠪᠦᠬᠦᠢ ᠰᠦᠪᠡᠭᠴᠢ ᠬᠠᠩᠭᠠᠬᠤ ᠬᠡᠷᠡᠭᠲᠡᠢ᠃ ᠪᠢᠳᠡ ᠲᠤᠰᠬᠠᠭᠰᠠᠨ ᠠᠰᠠᠭᠤᠳᠠᠯ ᠪᠠ ᠠᠰᠠᠭᠤᠳᠠᠯ ᠲᠤᠰᠬᠠᠭᠴᠢ ᠶᠢᠨ ᠨᠢᠭᠤᠴᠠ ᠶᠢ ᠡᠷᠡᠰ ᠬᠠᠮᠠᠭᠠᠯᠠᠨ᠎ᠠ᠃        ᠢᠯᠡ ᠨᠡᠶᠢᠲᠡᠯᠡᠬᠦ ᠠᠯᠪᠠᠨ ᠭᠡᠷ ᠢ ᠬᠤᠩᠱᠠᠨ ᠲᠤᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ  ᠤᠨ 1303 ᠦᠷᠦᠭᠡ ᠳᠤ ᠲᠤᠬᠢᠷᠠᠭᠤᠯᠪᠠ᠃        ᠬᠦᠯᠢᠶᠡᠨ ᠰᠢᠢᠳᠪᠦᠷᠢᠯᠡᠬᠦ ᠴᠠᠭ᠄  ᠠᠵᠢᠯᠯᠠᠬᠤ ᠡᠳᠦᠷ ᠤᠨ ᠦᠳᠡ ᠠᠴᠠ ᠡᠮᠦᠨ᠎ᠡ ᠶᠢᠨ 8᠄ 30 - 12 ᠄ 00  ᠦᠳᠡ ᠠᠴᠠ ᠬᠤᠶᠢᠨ᠎ᠠ ᠶᠢᠨ 14᠄ 30 - 17᠄ 30        ᠬᠦᠯᠢᠶᠡᠨ ᠰᠢᠢᠳᠪᠦᠷᠢᠯᠡᠬᠦ ᠤᠲᠠᠰᠤ᠄  ︵0476︶ 12380 - 10 ᠤᠨᠴᠠᠭᠠᠶᠢᠯᠠᠨ ᠮᠡᠳᠡᠭᠳᠡᠪᠡ                         ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ                                                             2023 ᠤᠨ ᠤ 10 ᠰᠠᠷ᠎ᠠ ᠶᠢᠨ 30 ᠤ ᠡᠳᠦᠷ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号