ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ︽2023 ᠤᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠪᠤᠵᠠᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠤᠯᠲᠠ ᠶᠢᠨ ᠠᠵᠢᠯᠯᠠᠭᠠᠨ ᠤ ᠲᠦᠰᠦᠯ︾  ᠢ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/12/22
       ᠡᠳᠦᠭᠡ ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ 2023 ᠤᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠪᠤᠵᠠᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠤᠯᠲᠠ ᠶᠢᠨ ᠠᠵᠢᠯᠯᠠᠭᠠᠨ ᠤ ᠲᠥᠰᠦᠯ︾   ᠢ ᠬᠡᠪᠯᠡᠨ ᠲᠠᠷᠬᠠᠭᠠᠪᠠ᠂  ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠯᠪᠠᠤ︖                                      2023 ᠤᠨ ᠤ  9 ᠰᠠᠷ᠎ᠠ ᠶᠢᠨ 27 ᠤ ᠡᠳᠦᠷᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ 2023 ᠤᠨ ᠤ ᠨᠠᠮᠤᠷ ᠡᠪᠦᠯ ᠤᠨ ᠤᠯᠠᠷᠢᠯ ᠤᠨ ᠠᠭᠠᠷ  ᠤᠨ ᠪᠤᠵᠠᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠤ ᠲᠥᠰᠦᠯ        ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ᠂ ᠬᠤᠩᠱᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠰᠢᠢᠳᠪᠦᠷᠢ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ  ᠤᠨ 2023 ᠤᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠪᠤᠵᠠᠷᠳᠤᠯ ᠢ ᠰᠡᠷᠭᠡᠶᠢᠯᠡᠨ ᠵᠠᠰᠠᠬᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠪᠤᠭᠤᠮᠲᠠ ᠰᠢᠪᠲᠤᠯᠤᠯᠲᠠ ᠶᠢᠨ ᠠᠵᠢᠯᠯᠠᠭᠠᠨ ᠢ ᠪᠠᠲᠤᠲᠠᠢ ᠠᠬᠢᠭᠤᠯᠵᠤ᠂  ᠠᠭᠠᠷ ᠤᠨ ᠪᠤᠵᠠᠷᠳᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠲᠤᠵᠢᠭᠤᠯᠵᠤ᠂  ᠨᠠᠮᠤᠷ ᠡᠪᠦᠯ ᠤᠨ ᠣᠷᠴᠢᠨ ᠲᠤᠭᠤᠷᠢᠨ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ  ᠶᠢᠨ ᠲᠥᠯᠦᠭᠡ᠂ ᠤᠨᠴᠠᠭᠠᠶᠢᠯᠠᠨ ᠲᠤᠰ ᠲᠦᠰᠦᠯ ᠢ ᠲᠤᠭᠲᠠᠭᠠᠪᠠ᠃        ᠨᠢᠭᠡ᠂  ᠵᠢᠯᠤᠭᠤᠳᠬᠤ ᠦᠵᠡᠯ ᠰᠠᠨᠠᠭ᠎ᠠ        ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮᠲᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂  ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂  ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ ᠲᠤᠭᠤᠷᠢᠨ ᠪᠠᠶᠢᠴᠠᠭᠠᠬᠤ ᠳᠤ ᠪᠠᠨ ᠬᠢᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠭᠤᠤᠯ ᠪᠣᠯᠭᠠᠨ᠂  ᠨᠠᠷᠢᠯᠢᠭ ᠤᠨᠤᠪᠴᠢᠲᠠᠢ ᠪᠠᠷ ᠪᠤᠬᠢᠷᠳᠤᠯ ᠢ ᠵᠠᠰᠠᠬᠤ᠂  ᠰᠢᠨᠵᠢᠯᠡᠬᠦ ᠤᠬᠠᠭᠠᠨᠴᠢ ᠪᠠᠷ ᠪᠤᠬᠢᠷᠳᠤᠯ ᠢ ᠵᠠᠰᠠᠬᠤ᠂  ᠬᠠᠤᠯᠢ ᠶᠤᠰᠤᠭᠠᠷ ᠪᠤᠬᠢᠷᠳᠤᠯ ᠢ ᠵᠠᠰᠠᠬᠤ ᠶᠢ ᠪᠠᠷᠢᠮᠲᠠᠯᠠᠵᠤ᠂  2023 ᠤᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠪᠤᠵᠠᠷᠳᠤᠯ ᠤᠨ ᠶᠡᠷᠦᠩᠬᠡᠶᠢᠯᠡᠨ ᠴᠡᠭᠴᠡᠯᠡᠨ ᠵᠠᠰᠠᠯᠲᠠ ᠶᠢᠨ ᠪᠤᠭᠤᠮᠲᠠ ᠰᠢᠪᠲᠤᠯᠤᠯᠲᠠ ᠶᠢᠨ ᠠᠵᠢᠯᠯᠠᠭᠠᠨ ᠢ ᠨᠢᠭᠡᠲᠦᠯᠲᠡᠢ ᠲᠥᠯᠦᠪᠵᠢᠭᠦᠯᠦᠨ ᠠᠬᠢᠭᠤᠯᠵᠤ᠂  ᠤᠷᠤᠨ ᠬᠡᠪᠴᠢᠶᠡᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠨ᠂  ᠤᠨᠴᠠ ᠪᠤᠬᠢᠷᠳᠤᠯ ᠲᠠᠢ ᠠᠭᠤᠷ ᠠᠮᠢᠰᠬᠤᠯ ᠢ ᠢᠳᠡᠪᠬᠢᠲᠡᠢ ᠠᠷᠭᠠᠴᠠᠬᠤ ᠬᠡᠷᠡᠭᠲᠡᠢ᠃ ᠠᠰᠠᠭᠤᠳᠠᠯ ᠢᠶᠠᠷ ᠬᠦᠲᠦᠴᠢ ᠪᠣᠯᠭᠠᠬᠤ ᠶᠢ ᠡᠷᠡᠰ ᠪᠠᠷᠢᠮᠲᠠᠯᠠᠵᠤ᠂  ᠠᠮᠢ ᠠᠬᠤᠢ ᠣᠷᠴᠢᠨ ᠲᠤᠭᠤᠷᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠨ ᠯᠠᠪᠰᠢᠷᠠᠭᠤᠯᠵᠤ᠂  ᠪᠦᠬᠦ ᠲᠤᠭᠤᠷᠢᠭ ᠤᠨ ᠬᠦᠴᠦᠨ ᠢ ᠳᠠᠶᠢᠴᠢᠯᠠᠨ᠂  ᠤᠯᠠᠨ ᠤ ᠤᠬᠠᠭᠠᠨ ᠤᠯᠠᠨ ᠤ ᠬᠦᠴᠦ ᠪᠠᠷ᠂  ᠬᠠᠮᠲᠤ ᠳᠤ ᠨᠢ ᠠᠳᠬᠤᠵᠤ ᠬᠠᠮᠲᠤᠪᠡᠷ ᠬᠠᠮᠢᠶᠠᠷᠤᠨ᠂  ᠨᠢᠭᠡ ᠰᠡᠳᠬᠢᠯ ᠨᠡᠶᠢᠲᠡ ᠶᠢᠨ ᠬᠦᠴᠦᠨ ᠢᠶᠠᠷ ᠠᠭᠠᠷ ᠮᠠᠨᠳᠠᠯ ᠤᠨ ᠪᠤᠵᠠᠷᠳᠤᠯ  ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ᠃        ᠬᠤᠶᠠᠷ᠂  ᠠᠵᠢᠯ ᠤᠨ ᠬᠠᠷᠠᠯᠲᠠ        ᠤᠯᠠᠭᠠᠨᠬᠠᠳᠠ ᠬᠤᠲᠠ ᠶᠢᠨ ᠲᠤᠭᠲᠠᠭᠠᠭᠰᠠᠨ ᠠᠭᠠᠷ ᠮᠠᠨᠳᠠᠯ ᠤᠨ ᠪᠤᠵᠠᠷᠳᠤᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠬᠢᠵᠠᠭᠠᠷᠯᠠᠬᠤ ᠴᠢᠨᠠᠷᠲᠠᠢ ᠵᠢᠭᠠᠯᠲᠠ ᠲᠤᠭ᠎ᠠ ᠶᠢ ᠡᠷᠡᠰ ᠪᠡᠶᠡᠯᠡᠭᠦᠯᠵᠦ᠂  ᠬᠦᠨᠳᠦ ᠶᠡᠭᠡ ᠪᠤᠵᠠᠷᠳᠤᠯ  ᠲᠠᠢ ᠠᠭᠤᠷ ᠠᠮᠢᠰᠬᠤᠯ ᠢ ᠠᠷᠢᠯᠭᠠᠬᠤ ᠪᠤᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ᠂  ᠣᠽᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠶᠢᠨ ᠳᠠᠶᠢᠯᠠᠯᠳᠤᠭᠠᠨ ᠢ ᠪᠠᠲᠤᠲᠠᠢ ᠠᠬᠢᠭᠤᠯᠵᠤ᠂  ᠤᠯᠠᠭᠠᠨᠬᠠᠳᠠ ᠬᠤᠲᠠ ᠶᠢᠨ ᠲᠤᠭᠲᠠᠭᠠᠭᠰᠠᠨ PM 2.5 ᠶᠢᠨ ᠦᠳᠬᠡᠴᠡ᠂  ᠠᠭᠠᠷ ᠮᠠᠨᠳᠠᠯ ᠴᠢᠨᠠᠷ ᠴᠢᠨᠰᠠᠭ᠎ᠠ ᠰᠠᠶᠢᠨ ᠡᠳᠦᠷ ᠤᠨ ᠨᠣᠷᠮ᠎ᠠ᠂  ᠤᠨᠴᠠ ᠶᠡᠭᠡ ᠪᠤᠬᠢᠷᠳᠤᠯ ᠲᠠᠢ ᠡᠳᠦᠷ ᠤᠨ ᠲᠤᠭ᠎ᠠ ᠶᠢᠨ ᠨᠤᠷᠮ᠎ᠠ ᠶᠢᠨ ᠤᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ  ᠶᠢ ᠪᠠᠲᠤᠯᠠᠪᠠ᠃        ᠭᠤᠷᠪᠠ᠂  ᠭᠤᠤᠯᠳᠠᠯᠭ᠎ᠠ ᠲᠠᠢ ᠠᠵᠢᠯ        ︵ᠨᠢᠭᠡ︶  ︽ᠬᠤᠶᠠᠷ ᠦᠨᠳᠦᠷ ᠨᠢᠭᠡ ᠳᠤᠤᠷ᠎ᠠ︾ ᠲᠦᠷᠦᠯ ᠵᠦᠢᠯ ᠢ ᠰᠤᠬᠤᠷ ᠪᠠᠯᠠᠢ ᠪᠠᠷ ᠬᠦᠭᠵᠢᠭᠦᠯᠬᠦ  ᠶᠢ ᠴᠢᠩᠭ᠎ᠠ ᠡᠵᠡᠮᠳᠡᠵᠦ᠂  ᠪᠤᠬᠢᠷᠳᠤᠯ ᠢ ᠡᠬᠢ ᠡᠬᠦᠰᠦᠯ ᠠᠴᠠ ᠪᠠᠨ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃        ︵ᠬᠤᠶᠠᠷ︶  ᠬᠤᠴᠤᠷᠤᠭᠳᠠᠭᠰᠠᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠰᠤᠯᠢᠨ᠎ᠠ᠃        ︵ᠭᠤᠷᠪᠠ︶  ᠭᠤᠤᠯᠳᠠᠯᠭ᠎ᠠ ᠲᠠᠢ ᠠᠵᠤ ᠦᠢᠯᠡᠰ ᠤᠨ ᠪᠤᠬᠢᠷᠳᠤᠯ ᠤᠨ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃        ︵ᠳᠦᠷᠪᠡ︶  ᠠᠵᠤ ᠦᠢᠯᠡᠳᠪᠦᠷᠢ ᠶᠢᠨ ᠨᠡᠭᠦᠷᠡᠰᠦᠨ ᠵᠤᠤᠬ᠎ᠠ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠬᠡᠷᠡᠭᠵᠢᠭᠦᠯᠦᠨ᠎ᠡ᠃        ︵ᠲᠠᠪᠤ︶ VOCs   ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠠᠬᠢᠭᠤᠯᠤᠨ᠎ᠠ᠃        ︵ᠵᠢᠷᠭᠤᠭ᠎ᠠ︶  ᠵᠤᠨ ᠨᠠᠮᠤᠷ ᠤᠨ ᠤᠯᠠᠷᠢᠯ ᠤᠨ ᠤᠽᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠤᠯᠲᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃        ︵ᠳᠤᠯᠤᠭ᠎ᠠ︶  ᠨᠡᠭᠦᠷᠡᠰᠦᠨ ᠤ ᠪᠤᠬᠢᠷᠳᠤᠯ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠠᠬᠢᠭᠤᠯᠤᠨ᠎ᠠ᠃        ︵ᠨᠠᠢᠮᠠ︶  ᠬᠤᠭ ᠲᠤᠭᠤᠰᠤᠨ ᠤ ᠪᠤᠬᠢᠷᠳᠤᠯ ᠤᠨ ᠶᠡᠷᠦᠩᠬᠡᠶᠢᠯᠡᠭᠰᠡᠨ ᠴᠡᠭᠴᠡᠯᠡᠨ ᠬᠠᠮᠢᠶᠠᠷᠤᠯᠲᠠ ᠶᠢ ᠴᠢᠩᠭᠠᠳᠬᠠᠨ᠎ᠠ᠃        ︵ᠶᠢᠰᠦ︶  ᠴᠠᠶᠢᠶ᠋ᠢᠦ ᠲᠤᠰᠤᠨ ᠤ ᠪᠠᠷᠠᠭᠠᠨ ᠲᠡᠷᠭᠡᠨ ᠤ ᠪᠤᠬᠢᠷᠳᠤᠯ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃        ︵ᠠᠷᠪᠠ︶ ᠲᠤᠰᠤᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠪᠠᠲᠤᠯᠠᠨ᠎ᠠ᠃        ︵ᠠᠷᠪᠠᠨ ᠨᠢᠭᠡ︶  ᠵᠠᠮ ᠱᠤᠭᠤᠮ ᠤᠨ ᠪᠤᠰᠤ ᠰᠢᠯᠵᠢᠯᠲᠡ ᠪᠦᠬᠦᠢ ᠰᠤᠷᠪᠤᠯᠵᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃        ︵ᠠᠷᠪᠠᠨ ᠬᠤᠶᠠᠷ︶ ︽ᠲᠠᠷᠬᠠᠢ ᠡᠷᠦᠢ ᠬᠤᠷᠤᠢ ᠦᠭᠡᠢ ᠪᠤᠬᠢᠷᠳᠤᠯ ᠪᠦᠬᠦᠢ︾ ᠠᠵᠤ ᠠᠬᠤᠶᠢᠯᠠᠯ ᠢ ᠦᠷᠭᠦᠯᠵᠢᠯᠡᠨ ᠰᠢᠭᠰᠢᠨ ᠪᠠᠶᠢᠴᠠᠭᠠᠵᠤ ᠴᠡᠭᠴᠡᠯᠡᠨ ᠵᠠᠰᠠᠨ᠎ᠠ᠃        ︵ᠠᠷᠪᠠᠨ ᠭᠤᠷᠪᠠ︶ ᠡᠰᠢ ᠰᠦᠷᠡᠯ ᠢ ᠵᠠᠳᠠᠭᠠᠢ ᠰᠢᠲᠠᠭᠠᠬᠤ ᠬᠠᠮᠢᠶᠠᠷᠤᠨ ᠡᠵᠡᠮᠳᠡᠯᠲᠡ ᠶᠢ ᠴᠢᠩᠭᠠᠳᠬᠠᠨ᠎ᠠ
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号