︽ᠬᠤᠩᠱᠠᠨ ᠲᠣᠭᠤᠷᠢᠭ ᠤᠨ 2024 ᠤᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠰᠦᠢᠳᠬᠡᠯ ᠬᠤᠷᠢᠶᠠᠬᠤ ᠶᠢ ᠬᠡᠷᠡᠭᠵᠢᠭᠦᠯᠬᠦ ᠲᠥᠰᠦᠯ︾ ᠤᠨ ᠲᠤᠬᠠᠢ ᠲᠦᠷᠦ ᠶᠢᠨ ᠪᠤᠳᠤᠯᠭ᠎ᠠ  ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/25
        ᠨᠢᠭᠡ᠂  ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ  ᠤᠨ ᠳᠠᠭᠠᠳᠬᠠᠯ ᠳᠤ ᠣᠷᠤᠯᠴᠠᠬᠤ ᠰᠦᠢᠳᠬᠡᠯ ᠤᠨ ᠪᠠᠷᠢᠮᠵᠢᠶ᠎ᠠ ᠨᠢ ᠬᠡᠳᠦᠢ ᠪᠤᠢ︖        ᠬᠠᠷᠢᠭᠤᠯᠲᠠ᠄  ᠤᠯᠠᠭᠠᠨᠬᠠᠳᠠ ᠬᠤᠲᠠ ᠶᠢᠨ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ︽2024 ᠤᠨ ᠤ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠰᠦᠢᠳᠬᠡᠯ ᠬᠤᠷᠢᠶᠠᠬᠤ ᠠᠵᠢᠯ ᠤᠨ ᠲᠤᠬᠠᠢ ᠮᠡᠳᠡᠭᠳᠡᠯ︾  ︵ᠤᠯᠠᠭᠠᠨᠬᠠᠳᠠ ᠡᠮᠨᠡᠯᠭᠡ ᠪᠠᠲᠤᠯᠠᠭ᠎ᠠ ᠲᠠᠷᠬᠠᠭᠠᠭᠰᠠᠨ ﹇2023﹈ 17 ᠳ᠋ᠤᠭᠠᠷ ᠲᠤᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂  2024 ᠤᠨ ᠤ ᠬᠤᠲᠠ ᠭᠦᠳᠡᠭᠡ ᠶᠢᠨ ᠰᠠᠭᠤᠭᠠᠯᠢ ᠠᠷᠠᠳ  ᠤᠨ ᠡᠮᠨᠡᠯᠭᠡ ᠶᠢᠨ ᠪᠠᠲᠤᠯᠠᠭ᠎ᠠ ᠶᠢᠨ ᠬᠤᠪᠢ ᠬᠦᠮᠦᠨ ᠤ ᠰᠦᠢᠳᠬᠡᠯ ᠬᠤᠷᠢᠶᠠᠬᠤ ᠪᠠᠷᠢᠮᠵᠢᠶ᠎ᠠ ᠨᠢ ᠬᠦᠮᠦᠨ ᠪᠦᠷᠢ ᠵᠢᠯ ᠪᠦᠷᠢ 400  ᠲᠦᠭᠦᠷᠢᠭ  ᠃        ᠬᠤᠶᠠᠷ᠂  ᠬᠤᠲᠠ ᠬᠦᠳᠡᠭᠡ ᠶᠢᠨ ᠰᠠᠭᠤᠭᠠᠯᠢ ᠠᠷᠠᠳ ᠬᠡᠵᠢᠶ᠎ᠡ ᠰᠦᠢᠳᠬᠡᠯ ᠢᠶᠠᠨ ᠲᠤᠰᠢᠶᠠᠬᠤ ᠪᠤᠢ︖        ᠬᠠᠷᠢᠭᠤᠯᠲᠠ᠄  ᠤᠯᠠᠭᠠᠨᠬᠠᠳᠠ ᠬᠤᠲᠠ ᠶᠢᠨ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ︽2024 ᠤᠨ ᠤ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠰᠦᠢᠳᠬᠡᠯ ᠬᠤᠷᠢᠶᠠᠬᠤ ᠠᠵᠢᠯ ᠤᠨ ᠲᠤᠬᠠᠢ ᠮᠡᠳᠡᠭᠳᠡᠯ︾  ︵ᠤᠯᠠᠭᠠᠨᠬᠠᠳᠠ ᠡᠮᠨᠡᠯᠭᠡ ᠪᠠᠲᠤᠯᠠᠭ᠎ᠠ ᠲᠠᠷᠬᠠᠭᠠᠭᠰᠠᠨ ﹇2023﹈ 17 ᠳ᠋ᠤᠭᠠᠷ ᠲᠤᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂  ᠮᠠᠨ ᠤ ᠲᠤᠭᠤᠷᠢᠭ ᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠵᠢᠯ ᠢᠶᠠᠷ ᠤᠷᠢᠳᠴᠢᠯᠠᠨ ᠲᠤᠰᠢᠶᠠᠬᠤ ᠳᠦᠷᠢᠮ ᠢ ᠬᠡᠷᠡᠭᠵᠢᠭᠦᠯᠦᠨ᠂ ᠳᠠᠭᠠᠳᠬᠠᠯ ᠤᠨ ᠰᠦᠢᠳᠬᠡᠯ ᠲᠤᠰᠢᠶᠠᠬᠤ ᠴᠠᠭ ᠨᠢ 2023  ᠤᠨ ᠤ 9  ᠰᠠᠷ᠎ᠠ ᠶᠢᠨ 1 ᠠᠴᠠ 2024  ᠤᠨ ᠤ 2  ᠰᠠᠷ᠎ᠠ ᠶᠢᠨ 29 ᠤ  ᠡᠳᠦᠷ ᠪᠤᠯᠤᠨ᠎ᠠ᠃  ᠳᠠᠭᠠᠳᠬᠠᠯ ᠳᠤ ᠣᠷᠤᠯᠴᠠᠭᠰᠠᠳ 2024  ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠶᠢ ᠬᠦᠷᠲᠡᠬᠦ ᠪᠤᠯᠤᠨ᠎ᠠ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄  ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠤᠨ ᠤ ︽ᠬᠤᠩᠱᠠᠨ ᠲᠣᠭᠤᠷᠢᠭ ᠤᠨ 2024  ᠤᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠬᠤᠷᠢᠶᠠᠬᠤ ᠶᠢ ᠬᠡᠷᠡᠭᠵᠢᠭᠦᠯᠬᠦ ᠲᠥᠰᠦᠯ︾   ᠤᠨ ᠲᠤᠬᠠᠢ ᠮᠡᠳᠡᠭᠳᠡᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号