ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠷᠪᠠᠳᠤᠭᠠᠷ ᠤᠳᠠᠭᠠᠨ ᠤ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/27
        11 ᠰᠠᠷ᠎ᠠ ᠶᠢᠨ 14 ᠤ ᠡᠳᠦᠷ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠵᠤᠤ ᠯᠠᠨ ᠭᠤᠸᠠᠩ ᠲᠤᠭᠤᠷᠢᠭ ᠤᠨ ᠵᠠᠰᠠᠭ ᠤᠨ ᠣᠷᠳᠤᠨ ᠤ 2023  ᠤᠨ ᠤ ᠠᠷᠪᠠᠳᠤᠭᠠᠷ ᠤᠳᠠᠭᠠᠨ ᠤ ᠬᠤᠷᠠᠯ ᠪᠠ ᠠᠷᠪᠠᠨ ᠨᠠᠢᠮᠠᠳᠤᠭᠠᠷ ᠤᠳᠠᠭᠠᠨ ᠤ ᠨᠠᠮ ᠤᠨ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠵᠠᠰᠠᠭ ᠤᠨ ᠣᠷᠳᠤᠨ ᠤ ᠤᠳᠤᠷᠢᠳᠬᠤ ᠪᠠᠭ ᠤᠨ ᠬᠡᠰᠢᠭᠦᠳ ᠬᠤᠷᠠᠯ ᠳᠤ ᠤᠷᠤᠯᠴᠠᠵᠤ᠂  ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠤᠯᠴᠠᠪᠠ᠃        ᠲᠤᠭᠤᠷᠢᠭ ᠤᠨ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠳᠤ ︽ᠬᠤᠩᠱᠠᠨ ᠲᠣᠭᠤᠷᠢᠭ  ︿ ᠲᠦᠷᠦ ᠶᠢᠨ ᠶᠠᠪᠤᠳᠠᠯ ᠤᠨ ᠬᠤᠷᠢᠶᠠᠨ ᠤ ᠦᠪᠦᠷ ᠮᠤᠩᠭᠤᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ᠂  ᠳᠤᠮᠳᠠᠳᠤ ᠤᠯᠤᠰᠴᠢᠯᠠᠭᠰᠠᠨ ᠤᠳᠤᠬᠢᠴᠢᠯᠠᠯᠲᠠ ᠶᠢᠨ ᠰᠢᠨ᠎ᠡ ᠬᠠᠭᠤᠳᠠᠰᠤ ᠶᠢ ᠬᠦᠴᠦᠯᠡᠨ ᠵᠢᠷᠤᠭᠯᠠᠬᠤ ᠲᠤᠬᠠᠢ ᠰᠠᠨᠠᠯ ﹀︾   ᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾᠂  ︽ᠬᠤᠩᠱᠠᠨ ᠲᠣᠭᠤᠷᠢᠭ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ  ︿ᠠᠶᠦᠯᠭᠦᠢ ᠦᠢᠯᠡᠳᠪᠦᠷᠢᠯᠡᠯ ᠤᠨ ᠠᠵᠢᠯ ᠤᠨ ᠡᠯ᠎ᠡ ᠲᠦᠷᠦᠯ ᠤᠨ ᠴᠢᠬᠤᠯᠠ ᠶᠡᠭᠡ ᠠᠶᠦᠯ ᠠᠳᠡᠯ ᠢ ᠤᠷᠢᠳᠴᠢᠯᠠᠨ ᠰᠡᠷᠭᠡᠶᠢᠯᠡᠬᠦ ᠰᠠᠬᠢᠯᠭ᠎ᠠ ᠪᠠᠲᠤ ᠪᠠᠶᠢᠴᠠᠭᠠᠯᠲᠠ ᠶᠢᠨ ᠰᠠᠨᠠᠯ﹀ ᠢ ᠨᠠᠶᠢᠳᠠᠪᠤᠷᠢᠵᠢᠭᠤᠯᠵᠤ ᠴᠡᠭᠴᠡᠯᠡᠨ ᠵᠠᠰᠠᠭᠰᠠᠨ ᠲᠦᠰᠦᠯ  ︾   ᠢ  ᠬᠢᠨᠡᠨ ᠵᠦᠪᠯᠡᠪᠡ᠃        ᠬᠤᠷᠠᠯ ᠠᠴᠠ ᠴᠢᠬᠤᠯᠠᠴᠢᠯᠠᠭᠰᠠᠨ ᠨᠢ ᠡᠯ᠎ᠡ ᠪᠠᠯᠭᠠᠰᠤ ᠵᠡᠭᠡᠯᠢ ᠰᠠᠯᠠᠭ᠎ᠠ ᠮᠦᠴᠢᠷ ᠡᠷᠬᠡᠪᠰᠢ ᠭᠤᠤᠯᠳᠠᠯᠭ᠎ᠠ  ᠲᠠᠢ ᠠᠵᠢᠯ ᠤᠨ ᠡᠭᠦᠷᠭᠡ ᠶᠢᠨ ᠨᠠᠷᠢᠨ ᠳᠠᠩᠰᠠ ᠶᠢ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂  ᠨᠠᠶᠢᠳᠠᠪᠤᠷᠢᠵᠢᠭᠤᠯᠬᠤ ᠠᠷᠭ᠎ᠠ ᠠᠪᠴᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂  ᠬᠠᠮᠢᠶ᠎ᠠ ᠪᠦᠬᠦᠢ ᠠᠵᠢᠯ ᠢ ᠲᠤᠭᠲᠠᠮᠠᠯ ᠬᠤᠭᠤᠴᠠᠭ᠎ᠠ ᠲᠠᠢ ᠲᠤᠬᠢᠷᠠᠭᠤᠯᠤᠨ ᠠᠬᠢᠭᠤᠯᠵᠤ᠂  ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ ᠪᠡᠯᠡ ᠮᠦᠩᠭᠦᠨ ᠤ ᠬᠠᠪᠰᠤᠷᠤᠯᠭ᠎ᠠ ᠶᠢ ᠢᠳᠡᠪᠬᠢᠲᠡᠢ ᠡᠷᠡᠮᠡᠯᠵᠡᠵᠦ᠂  ᠢᠷᠡᠬᠦ ᠵᠢᠯ ᠤᠨ ᠲᠦᠷᠦᠯ ᠵᠦᠢᠯ ᠤᠨ ᠶᠡᠷᠦᠩᠬᠡᠢ ᠲᠥᠯᠦᠪ ᠢ ᠡᠷᠲᠡᠭᠡᠨ ᠲᠤᠭᠲᠠᠭᠠᠵᠤ᠂  ᠬᠦᠴᠦ ᠵᠢᠭᠡᠯᠡᠵᠦ ᠬᠦᠭᠵᠢᠬᠦ ᠶᠢ ᠬᠠᠮᠤᠭ ᠶᠡᠬᠡᠪᠡᠷ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号