︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠳᠠᠷᠤᠭ᠎ᠠ ᠶᠢᠨ ᠴᠢᠨᠠᠷ ᠴᠢᠨᠰᠠᠭ᠎ᠠ ᠶᠢᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾  ᠶᠢᠨ ᠲᠤᠬᠠᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/28
       ᠨᠢᠭᠡ᠂ ᠲᠤᠭᠲᠠᠭᠠᠭᠰᠠᠨ ᠵᠣᠷᠢᠯᠭ᠎ᠠ ᠪᠠ ᠵᠠᠷᠴᠢᠮ        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂  ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠴᠢᠨᠰᠠᠭ᠎ᠠ ᠰᠠᠶᠢᠲᠤ ᠲᠤᠭᠤᠷᠢᠭ ᠤᠨ ᠪᠠᠶᠢᠭᠤᠯᠤᠯᠲᠠ ᠶᠢ ᠲᠦᠷᠭᠡᠪᠴᠢᠯᠡᠨ ᠪᠦᠲᠦᠭᠡᠨ ᠪᠠᠶᠢᠭᠤᠯᠵᠤ᠂  ᠦᠷᠭᠡᠨ ᠣᠯᠠᠨ ᠠᠵᠤ ᠠᠬᠤᠶᠢᠯᠠᠯ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠴᠢᠨᠰᠠᠭ᠎ᠠ ᠰᠠᠶᠢᠲᠤ ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤᠵᠢᠭᠤᠯᠬᠤ ᠶᠢ ᠬᠦᠲᠦᠯᠦᠨ ᠵᠤᠷᠢᠭᠵᠢᠭᠤᠯᠵᠤ᠂  ᠴᠢᠨᠠᠷ ᠴᠢᠨᠰᠠᠭ᠎ᠠ ᠶᠢᠨ ᠦᠷᠢᠰᠦᠯᠳᠦᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂  ᠬᠤᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ  ᠢ ᠨᠡᠮᠡᠭᠳᠡᠭᠦᠯᠬᠦ ᠶᠢ ᠠᠬᠢᠭᠤᠯᠵᠤ᠂  ︽ᠴᠢᠨᠠᠷ ᠴᠢᠨᠰᠠᠭ᠎ᠠ ᠶᠢᠨ ᠬᠦᠴᠦᠷᠬᠡᠭ ᠤᠯᠤᠰ ᠤᠨ ᠪᠠᠶᠢᠭᠤᠯᠤᠯᠲᠠ ᠶᠢᠨ ᠬᠦᠲᠦᠯᠪᠦᠷᠢ︾᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠲᠦᠷᠦ ᠶᠢᠨ ᠶᠠᠪᠤᠳᠠᠯ  ᠤᠨ ᠬᠤᠷᠢᠶᠠᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭᠠᠨ ᠢ ᠦᠷᠨᠢᠭᠦᠯᠬᠦ ᠲᠤᠬᠠᠢ ᠵᠢᠯᠤᠭᠤᠳᠬᠤ ᠰᠠᠨᠠᠯ︾  ᠵᠡᠷᠭᠡ ᠬᠠᠮᠢᠶ᠎ᠠ ᠪᠥᠬᠦᠢ ᠲᠣᠭᠲᠠᠭᠠᠯ ᠢ ᠦᠨᠳᠦᠰᠦᠯᠡᠨ᠂  ᠬᠤᠩᠱᠠ ᠲᠤᠭᠤᠷᠢᠭ ᠤᠨ ᠪᠤᠳᠠᠲᠠᠢ ᠲᠠᠢ ᠤᠶᠠᠯᠳᠤᠭᠤᠯᠵᠤ᠂  ᠲᠤᠰ ᠠᠷᠭ᠎ᠠ ᠬᠡᠮᠵᠢᠶ᠎ᠡ ᠶᠢ ᠲᠤᠭᠲᠠᠭᠠᠪᠠ᠃        ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠳᠠᠷᠤᠭ᠎ᠠ ᠶᠢᠨ ᠴᠢᠨᠠᠷ ᠴᠢᠨᠰᠠᠭ᠎ᠠ ᠶᠢᠨ ᠱᠠᠩᠨᠠᠯ ᠪᠣᠯ ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ ᠲᠤᠬᠢᠷᠠᠭᠤᠯᠤᠭᠰᠠᠨ ᠬᠠᠮᠤᠭ ᠦᠨᠳᠦᠷ ᠴᠢᠨᠠᠷ ᠴᠢᠨᠰᠠᠭ᠎ᠠ  ᠶᠢᠨ ᠢᠷᠠᠭᠤ ᠠᠯᠳᠠᠷ ᠤᠨ ᠱᠠᠩᠨᠠᠯ ᠪᠣᠯᠤᠨ᠎ᠠ᠂  ᠬᠤᠩᠱᠠᠨ ᠲᠤᠭᠤᠷᠢᠭ ᠤᠨ ᠬᠡᠪᠴᠢᠶᠡᠨ ᠳᠤ ᠲᠡᠷᠢᠭᠦᠨ ᠤ ᠴᠢᠨᠠᠷ ᠴᠢᠨᠰᠠᠭ᠎ᠠ ᠶᠢᠨ ᠬᠠᠮᠢᠶᠠᠷᠤᠯᠲᠠ ᠬᠡᠷᠡᠭᠵᠢᠭᠦᠯᠦᠭᠰᠡᠨ᠂  ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠢᠯᠡᠷᠬᠡᠢ᠂  ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠳᠤᠪᠤᠶᠢᠮ᠎ᠠ᠂  ᠢᠯᠡᠷᠬᠡᠢ ᠵᠢᠱᠢᠶ᠎ᠡ ᠦᠵᠡᠭᠦᠯᠬᠦ ᠳᠠᠶᠢᠴᠢᠯᠡᠬᠦ ᠦᠢᠯᠡᠳᠦᠯ ᠦᠵᠡᠭᠦᠯᠦᠭᠰᠡᠨ ᠠᠵᠤ ᠠᠬᠤᠶᠢᠯᠠᠯ ᠪᠤᠶᠤ ᠪᠤᠰᠤᠳ ᠵᠤᠬᠢᠶᠠᠨ ᠪᠠᠶᠢᠭᠤᠯᠤᠯᠲᠠ᠃        ᠲᠤᠭᠤᠷᠢᠭ ᠤᠨ ᠳᠠᠷᠤᠭ᠎ᠠ ᠶᠢᠨ ᠴᠢᠨᠠᠷ ᠴᠢᠨᠰᠠᠭ᠎ᠠ ᠶᠢᠨ ᠱᠠᠩᠨᠠᠯ ᠨᠢ ᠰᠠᠶᠢᠨ ᠳᠤᠷ᠎ᠠ ᠠᠴᠠ ᠪᠠᠨ ᠡᠷᠡᠮᠡᠯᠵᠡᠵᠦ᠂  ᠰᠢᠨᠵᠢᠯᠡᠬᠦ ᠤᠬᠠᠭᠠᠨᠴᠢ ᠪᠠᠷ ᠦᠨᠡᠯᠡᠨ ᠲᠤᠭᠲᠠᠭᠠᠵᠤ᠂  ᠡᠷᠬᠡ ᠲᠡᠭᠰᠢ ᠲᠦᠪ ᠭᠤᠤᠯᠴᠢ ᠵᠠᠷᠴᠢᠮ  ᠢᠶᠠᠷ᠂  ᠴᠢᠩᠭ᠎ᠠ ᠪᠠᠷᠢᠮᠵᠢᠶ᠎ᠠ ᠪᠠᠷ᠂  ᠰᠠᠶᠢᠨ ᠤ ᠲᠤᠲᠤᠷ᠎ᠠ ᠠᠴᠠ ᠰᠢᠯᠢᠳᠡᠭ ᠢ ᠨᠢ ᠰᠤᠩᠭᠤᠬᠤ ᠶᠢ ᠪᠠᠷᠢᠮᠲᠠᠯᠠᠨ᠎ᠠ᠃        ᠬᠤᠶᠠᠷ᠂  ᠭᠤᠤᠯ ᠦᠨᠳᠦᠰᠦᠯᠡᠯ        ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠭᠳᠡᠭᠦᠨ ᠤ ᠴᠢᠨᠠᠷ ᠴᠢᠨᠰᠠᠭ᠎ᠠ ᠶᠢᠨ ᠬᠠᠤᠯᠢ︾᠂  ︽ᠳᠤᠮᠳᠠᠳᠤ ᠤᠯᠤᠰ ᠤᠨ ᠴᠢᠨᠠᠷ ᠴᠢᠨᠰᠠᠭ᠎ᠠ ᠶᠢᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾᠂  ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠲᠡᠷᠢᠭᠦᠯᠡᠭᠴᠢ ᠶᠢᠨ ᠴᠢᠨᠠᠷ ᠴᠢᠨᠰᠠᠭ᠎ᠠ ᠶᠢᠨ ᠱᠠᠩᠨᠠᠯ  ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾᠂  ︽ᠤᠯᠠᠭᠠᠨᠬᠠᠳᠠ ᠬᠤᠲᠠ ᠶᠢᠨ ᠳᠠᠷᠤᠭ᠎ᠠ ᠶᠢᠨ ᠴᠢᠨᠠᠷ ᠴᠢᠨᠰᠠᠭ᠎ᠠ  ᠶᠢᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾        ᠭᠤᠷᠪᠠ᠂  ᠨᠤᠤᠷᠠᠭᠯᠠᠨ ᠲᠤᠭᠤᠷᠪᠢᠭᠰᠠᠨ ᠶᠠᠪᠤᠴᠠ        2023 ᠤᠨ ᠤ 2 ᠰᠠᠷ᠎ᠠ ᠠᠴᠠ ᠡᠬᠢᠯᠡᠨ ᠵᠤᠬᠢᠶᠠᠨ ᠪᠠᠶᠢᠭᠤᠯᠵᠤ ᠲᠤᠭᠤᠷᠪᠢᠯᠠᠨ ᠨᠤᠤᠷᠠᠭᠯᠠᠵᠤ᠂ 4 ᠰᠠᠷ᠎ᠠ ᠶᠢᠨ 13 ᠤ ᠡᠳᠦᠷ ᠵᠠᠰᠠᠭ ᠤᠨ ᠣᠷᠳᠤᠨ ᠤ ᠰᠦᠯᠵᠢᠶᠡᠨ ᠳᠤ ᠢᠯᠡ ᠪᠠᠷ ᠰᠠᠨᠠᠯ ᠵᠦᠪᠯᠡᠯᠭᠡ ᠠᠪᠴᠤ᠂  ᠡᠭᠦᠨ ᠤ ᠬᠠᠮᠲᠤ ᠬᠤᠩᠱᠠᠨ ᠲᠣᠭᠤᠷᠢᠭ ᠤᠨ ᠴᠢᠨᠰᠠᠭ᠎ᠠ ᠰᠠᠶᠢᠲᠤ ᠬᠦᠴᠦᠷᠬᠡᠭ ᠲᠤᠭᠤᠷᠢᠭ ᠢ ᠪᠦᠲᠦᠭᠡᠨ ᠪᠠᠶᠢᠭᠤᠯᠬᠤ ᠠᠵᠢᠯ ᠤᠨ ᠤᠳᠤᠷᠢᠳᠬᠤ ᠳᠣᠭᠤᠶᠢᠯᠠᠩ ᠤᠨ ᠬᠡᠰᠢᠭᠦᠨ ᠨᠢᠭᠡᠴᠡ ᠠᠴᠠ ᠰᠠᠨᠠᠯ ᠬᠤᠷᠢᠶᠠᠪᠠ᠃ 5 ᠰᠠᠷ᠎ᠠ ᠶᠢᠨ 18   ᠤ ᠡᠳᠦᠷ ᠲᠤᠭᠤᠷᠢᠭ ᠤᠨ ᠪᠠᠷᠢᠮᠵᠢᠶᠠᠵᠢᠭᠤᠯᠬᠤ ᠪᠠ ᠴᠢᠨᠰᠠᠭ᠎ᠠ ᠰᠠᠶᠢᠲᠤ ᠬᠦᠴᠦᠷᠬᠡᠭ ᠲᠤᠭᠤᠷᠢᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠨᠢᠭᠡᠴᠡ ᠶᠢᠨ ᠲᠦᠯᠦᠭᠡᠯᠡᠭᠴᠢ᠂  ᠠᠷᠠᠳ ᠤᠨ ᠲᠦᠯᠦᠭᠡᠯᠡᠭᠴᠢ᠂  ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂  ᠠᠵᠤ ᠠᠬᠤᠶᠢᠯᠠᠯ ᠤᠨ ᠲᠥᠯᠦᠭᠡᠯᠡᠭᠴᠢ ᠠᠴᠠ ᠰᠠᠨᠠᠯ ᠬᠤᠷᠢᠶᠠᠬᠤ ᠬᠤᠷᠠᠯ ᠡᠷᠬᠢᠯᠡᠪᠡ᠃ 6 ᠰᠠᠷ᠎ᠠ ᠶᠢᠨ 13   ᠤ ᠡᠳᠦᠷ ᠬᠠᠤᠯᠢ ᠴᠠᠭᠠᠵᠠ ᠶᠢᠨ ᠰᠠᠯᠠᠭ᠎ᠠ ᠮᠦᠴᠢᠷ ᠤᠨ ᠬᠠᠤᠯᠢ ᠳᠤ ᠨᠡᠶᠢᠴᠡᠭᠰᠡᠨ ᠬᠢᠨᠠᠯᠲᠠ ᠶᠢ ᠦᠩᠭᠡᠷᠡᠪᠡ᠃ 7  ᠰᠠᠷ᠎ᠠ ᠳᠤ ᠲᠤᠭᠤᠷᠢᠭ ᠤᠨ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠳᠤ ᠰᠤᠳᠤᠯᠤᠨ ᠶᠠᠷᠢᠯᠴᠠᠵᠤ ᠪᠠᠲᠤᠯᠠᠪᠠ᠃        ᠳᠦᠷᠪᠡ᠂  ᠭᠤᠤᠯ ᠠᠭᠤᠯᠭ᠎ᠠ        ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠳᠠᠷᠤᠭ᠎ᠠ ᠶᠢᠨ ᠴᠢᠨᠠᠷ ᠴᠢᠨᠰᠠᠭ᠎ᠠ ᠶᠢᠨ ᠱᠠᠩᠨᠠᠯ  ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾  ᠨᠡᠶᠢᠲᠡ ᠶᠢᠰᠦᠨ ᠪᠦᠯᠦᠭ᠂  ᠭᠤᠴᠢᠨ ᠨᠢᠭᠡᠨ ᠵᠤᠷᠪᠤᠰ᠃        ᠨᠢᠭᠡᠳᠦᠭᠡᠷ ᠪᠦᠯᠦᠭ ᠲᠤ ᠶᠡᠷᠦᠩᠬᠡᠢ ᠳᠦᠷᠢᠮ᠂ ᠭᠤᠤᠯᠳᠠᠭᠤ ᠲᠤᠭᠲᠠᠭᠠᠭᠰᠠᠨ ᠠᠬᠤᠢ ᠪᠠᠶᠢᠳᠠᠯ᠂ ᠵᠠᠷᠴᠢᠮ ᠂ ᠴᠢᠨᠠᠷ ᠴᠢᠨᠰᠠᠭ᠎ᠠ ᠶᠢᠨ ᠱᠠᠩᠨᠠᠯ ᠢ ᠬᠤᠶᠠᠷ ᠵᠢᠯ ᠳᠤ ᠨᠢᠭᠡ ᠤᠳᠠᠭ᠎ᠠ ᠦᠨᠡᠯᠡᠨ ᠲᠤᠭᠲᠠᠭᠠᠵᠤ᠂  ᠱᠠᠩᠨᠠᠯ ᠬᠦᠷᠲᠡᠭᠰᠡᠳ ᠤᠨ ᠶᠡᠷᠦᠩᠬᠡᠢ ᠲᠤᠭ᠎ᠠ  ᠲᠠᠪᠤ ᠠᠴᠠ ᠳᠠᠪᠠᠭ᠋ᠤ ᠦᠭᠡᠢ ᠪᠠᠶᠢᠬᠤ ᠶᠢ ᠲᠤᠳᠤᠷᠬᠠᠶᠢᠯᠠᠵᠠᠢ᠃        ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ ᠱᠠᠭᠠᠷᠳᠠᠯᠭ᠎ᠠ ᠪᠠᠨ ᠦᠨᠳᠦᠰᠦᠯᠡᠨ ᠴᠢᠨᠠᠷ ᠴᠢᠨᠰᠠᠭ᠎ᠠ ᠶᠢᠨ ᠱᠠᠩᠨᠠᠯ ᠤᠨ ᠲᠦᠷᠦᠯ ᠵᠦᠢᠯ ᠪᠠ ᠲᠤᠭ᠎ᠠ ᠬᠡᠮᠵᠢᠶ᠎ᠡ ᠶᠢ ᠲᠤᠬᠢᠷᠠᠭᠤᠯᠵᠤ ᠪᠣᠯᠤᠨ᠎ᠠ᠃        ᠬᠤᠶᠠᠳᠤᠭᠠᠷ ᠪᠦᠯᠦᠭ ᠲᠤ ᠵᠤᠬᠢᠶᠠᠨ ᠪᠠᠶᠢᠭᠤᠯᠤᠯᠲᠠ ᠬᠠᠮᠢᠶᠠᠷᠤᠯᠲᠠ᠂  ᠭᠤᠤᠯᠳᠠᠭᠤ ᠬᠢᠨᠠᠨ ᠲᠤᠭᠲᠠᠭᠠᠬᠤ ᠺᠤᠮᠢᠰ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠪᠠ᠃        ᠭᠤᠷᠪᠠᠳᠤᠭᠠᠷ ᠪᠦᠯᠦᠭ ᠲᠤ ᠡᠷᠡᠮᠡᠯᠵᠡᠬᠦ ᠨᠦᠬᠦᠴᠡᠯ᠂ ᠭᠤᠤᠯᠳᠠᠭᠤ ᠡᠷᠡᠮᠡᠯᠵᠡᠬᠦ ᠠᠵᠤ ᠠᠬᠤᠶᠢᠯᠠᠯ ᠤᠨ ᠨᠦᠬᠦᠴᠡᠯ ᠢ ᠲᠤᠳᠤᠷᠬᠠᠶᠢᠯᠠᠪᠠ᠃        ᠳᠦᠷᠪᠡᠳᠦᠭᠡᠷ ᠪᠥᠯᠦᠭ ᠲᠤ ᠦᠨᠡᠯᠡᠨ ᠲᠤᠭᠲᠠᠭᠠᠬᠤ ᠪᠠᠷᠢᠮᠵᠢᠶ᠎ᠠ ᠪᠠ ᠠᠷᠭ᠎ᠠ ᠬᠡᠮᠵᠢᠶ᠎ᠡ᠂  ᠭᠤᠤᠯᠳᠠᠭᠤ ᠦᠨᠡᠯᠡᠨ ᠲᠤᠭᠲᠠᠭᠠᠬᠤ ᠶᠢ ᠬᠡᠷᠡᠭᠵᠢᠭᠦᠯᠬᠦ ᠨᠠᠷᠢᠨ ᠳᠦᠷᠢᠮ ᠢ ᠲᠤᠭᠲᠠᠭᠠᠬᠤ ᠵᠡᠷᠭᠡ ᠶᠢ ᠲᠤᠳᠤᠷᠬᠠᠶᠢᠯᠠᠪᠠ᠃        ᠳᠠᠪᠤᠳᠤᠭᠠᠷ ᠪᠥᠯᠦᠭ ᠲᠤ ᠡᠷᠡᠮᠡᠯᠵᠡᠬᠦ ᠪᠠ ᠦᠨᠡᠯᠡᠨ ᠲᠤᠭᠲᠠᠭᠠᠬᠤ ᠠᠯᠬᠤᠮ ᠳᠠᠷᠠᠭ᠎ᠠ᠂ ᠭᠤᠤᠯᠳᠠᠭᠤ ᠡᠷᠡᠮᠡᠯᠵᠡᠬᠦ᠂ ᠬᠦᠯᠢᠶᠡᠨ ᠰᠢᠢᠳᠪᠦᠷᠢᠯᠡᠬᠦ᠂  ᠦᠨᠡᠯᠡᠨ ᠲᠤᠭᠲᠠᠭᠠᠬᠤ᠂  ᠢᠯᠡ ᠨᠡᠶᠢᠲᠡᠯᠡᠬᠦ᠂ ᠱᠠᠩᠨᠠᠨ ᠵᠤᠷᠢᠭᠵᠢᠭᠤᠯᠬᠤ ᠵᠡᠷᠭᠡ ᠦᠨᠡᠯᠡᠨ ᠲᠤᠭᠲᠠᠭᠠᠬᠤ ᠠᠯᠬᠤᠮ ᠳᠠᠷᠠᠭ᠎ᠠ ᠶᠢ ᠲᠤᠳᠤᠷᠬᠠᠶᠢᠯᠠᠪᠠ᠃        ᠵᠢᠷᠭᠤᠳᠤᠭᠠᠷ ᠪᠥᠯᠦᠭ ᠲᠤ ᠱᠠᠩᠨᠠᠨ ᠵᠤᠷᠢᠭᠵᠢᠭᠤᠯᠬᠤ ᠪᠠ ᠵᠠᠷᠤᠳᠠᠯ᠂ ᠭᠤᠤᠯᠳᠠᠭᠤ ᠬᠤᠩᠱᠠᠨ ᠲᠣᠭᠤᠷᠢᠭ  ᠤᠨ ᠠᠷᠠᠳ ᠤᠨ ᠵᠠᠰᠠᠭ ᠤᠨ ᠣᠷᠳᠤᠨ  ᠢᠷᠠᠭᠤ ᠠᠯᠳᠠᠷ ᠤᠨ ᠦᠨᠡᠮᠯᠡᠯ ᠣᠯᠭᠤᠬᠤ᠂ ᠬᠥᠬᠢᠭᠦᠯᠦᠯ ᠤᠨ ᠪᠤᠳᠠᠰ ᠪᠠ ᠱᠠᠩᠨᠠᠯ ᠤᠨ ᠮᠦᠩᠭᠦ ᠣᠯᠭᠤᠬᠤ᠂ ᠱᠠᠩᠨᠠᠯ ᠬᠦᠷᠲᠡᠭᠰᠡᠨ ᠠᠵᠤ ᠠᠬᠤᠶᠢᠯᠠᠯ ᠪᠠ ᠵᠤᠬᠢᠶᠠᠨ ᠪᠠᠶᠢᠭᠤᠯᠤᠯᠲᠠ ᠪᠦᠷᠢ ᠳᠤ ᠠᠷᠪᠠᠨ ᠲᠥᠮᠡᠨ ᠲᠦᠭᠦᠷᠢᠭ ᠤᠨ ᠱᠠᠩᠨᠠᠯ ᠤᠨ ᠮᠦᠩᠭᠦ ᠤᠯᠭᠤᠬᠤ ᠵᠡᠷᠭᠡ ᠶᠢ ᠲᠤᠲᠤᠷᠬᠠᠶᠢᠯᠠᠪᠠ᠃        ᠳᠤᠯᠤᠳᠤᠭᠠᠷ ᠪᠥᠯᠦᠭ ᠲᠤ ᠬᠢᠨᠠᠨ ᠬᠠᠮᠢᠶᠠᠷᠬᠤ᠂ ᠭᠤᠤᠯᠳᠠᠭᠤ ᠦᠨᠡᠯᠡᠨ ᠲᠤᠭᠲᠠᠭᠠᠬᠤ ᠶᠠᠪᠤᠴᠠ᠂ ᠦᠨᠡᠯᠡᠨ ᠲᠤᠭᠲᠠᠭᠠᠬᠤ ᠪᠠᠶᠢᠭᠤᠯᠤᠮᠵᠢ ᠪᠠ ᠠᠵᠢᠯᠲᠠᠨ᠂ ᠱᠠᠩᠨᠠᠯ ᠬᠦᠷᠲᠡᠭᠰᠡᠨ ᠠᠵᠤ ᠠᠬᠤᠶᠢᠯᠠᠯ ᠢ ᠬᠢᠨᠠᠬᠤ ᠵᠢᠴᠢ ᠳᠡᠭᠡᠷ᠎ᠡ ᠳᠤᠷᠠᠳᠤᠭᠰᠠᠨ ᠶᠠᠪᠤᠴᠠ᠂ ᠬᠠᠮᠢᠶ᠎ᠠ ᠪᠦᠬᠦᠢ ᠠᠵᠢᠯᠲᠠᠨ ᠠᠵᠤ ᠠᠬᠤᠶᠢᠯᠠᠯ ᠤᠨ ᠬᠠᠤᠯᠢ ᠳᠦᠷᠢᠮ ᠢ ᠵᠦᠷᠢᠴᠡᠭᠰᠡᠨ ᠠᠵᠢᠯᠯᠠᠭ᠎ᠠ ᠶᠢᠨ ᠡᠭᠦᠷᠭᠡᠯᠡᠬᠦ ᠶᠤᠰᠤᠲᠠᠢ ᠦᠷ᠎ᠡ ᠳ᠋ᠦᠩ ᠵᠡᠷᠭᠡ ᠶᠢ ᠲᠤᠳᠤᠷᠬᠠᠶᠢᠯᠠᠪᠠ᠃        ᠨᠠᠢᠮᠠᠳᠤᠭᠠᠷ ᠲᠤ ᠲᠦᠭᠡᠮᠡᠯᠵᠢᠭᠦᠯᠬᠦ ᠪᠠ ᠠᠰᠢᠭᠯᠠᠯᠲᠠ᠂ ᠭᠤᠤᠯᠳᠠᠭᠤ ᠱᠠᠩᠨᠠᠯ ᠬᠦᠷᠲᠡᠭᠰᠡᠨ ᠠᠵᠤ ᠠᠬᠤᠶᠢᠯᠠᠯ ᠤᠨ ᠨᠡᠶᠢᠲᠡᠯᠢᠭ ᠲᠤᠷᠰᠢᠯᠭ᠎ᠠ᠂ ᠠᠵᠢᠯ ᠤᠨ ᠦᠷ᠎ᠡ ᠪᠦᠲᠦᠭᠡᠯ ᠢ ᠳ᠋ᠦᠩᠨᠡᠵᠤ᠂ ᠤᠬᠠᠭᠤᠯᠬᠤ᠂ ᠲᠦᠭᠡᠮᠡᠯᠵᠢᠭᠦᠯᠬᠦ ᠶᠢ ᠲᠤᠳᠤᠷᠬᠠᠶᠢᠯᠠᠪᠠ᠃        ᠬᠠᠮᠢᠶ᠎ᠠ ᠪᠥᠬᠦᠢ ᠪᠢᠴᠢᠭ ᠮᠠᠲ᠋ᠧᠷᠢᠶᠠᠯ᠄  ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠠᠷᠠᠳ  ᠤᠨ ᠵᠠᠰᠠᠭ ᠤᠨ ᠣᠷᠳᠤᠨ ᠤ ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠳᠠᠷᠤᠭ᠎ᠠ ᠶᠢᠨ ᠴᠢᠨᠠᠷ ᠴᠢᠨᠰᠠᠭ᠎ᠠ ᠶᠢᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ᠶᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号