ᠤᠯᠤᠰ ᠲᠦᠷᠦ ᠶᠢᠨ ᠵᠦᠪᠯᠡᠯᠭᠡᠨ ᠤ ᠬᠤᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠵᠦᠪᠯᠡᠯ  ᠤᠨ ᠬᠤᠶᠠᠳᠤᠭᠠᠷ ᠬᠤᠷᠠᠯ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2023/2/7
       2 ᠰᠠᠷ᠎ᠠ ᠶᠢᠨ 1 ᠤ ᠦᠳᠡ ᠠᠴᠠ ᠡᠮᠦᠨ᠎ᠡ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠤᠷᠠᠯ ᠤᠨ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠵᠦᠪᠯᠡᠯ ᠤᠨ ᠬᠤᠶᠠᠳᠤᠭᠠᠷ ᠤᠳᠠᠭᠠᠨ ᠤ ᠪᠦᠬᠦ ᠭᠡᠰᠢᠭᠦᠨ ᠤ ᠬᠤᠷᠠᠯ ᠦᠪᠡᠳᠡᠭᠰᠢ ᠶᠡᠬᠡᠪᠡᠷ ᠡᠬᠢᠯᠡᠪᠡ᠃        ᠲᠤᠰ ᠤᠳᠠᠭᠠᠨ ᠤ ᠶᠡᠭᠡ ᠬᠤᠷᠠᠯ ᠳᠤ ᠤᠷᠤᠯᠴᠠᠪᠠᠰᠤ ᠵᠤᠬᠢᠬᠤ ᠬᠡᠰᠢᠭᠦᠨ 203 ᠨᠡᠷ᠎ᠡ ᠪᠠᠶᠢᠵᠤ᠂ 187 ᠬᠦᠮᠦᠨ ᠤᠷᠤᠯᠴᠠᠵᠤ᠂ ︽ᠤᠯᠤᠰ ᠲᠦᠷᠦ ᠶᠢᠨ ᠵᠦᠪᠯᠡᠯᠭᠡᠨ ᠤ ᠳᠦᠷᠢᠮ ᠲᠤᠭᠲᠠᠭᠠᠯ︾ ᠤᠨ ᠬᠠᠮᠢᠶ᠎ᠠ ᠪᠦᠬᠦᠢ ᠲᠤᠭᠲᠠᠭᠠᠯ ᠳᠤ ᠨᠡᠶᠢᠴᠡᠪᠡ᠃ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ᠂  ᠲᠡᠷᠢᠭᠦᠯᠡᠭᠴᠢ ᠬᠤᠷᠠᠯ ᠤᠨ ᠬᠡᠰᠢᠭᠦᠨ ᠱᠢ ᠭᠤᠸᠠᠩ ᠬᠠᠢ᠂ ᠸᠠᠩ ᠯᠢ᠂ ᠯᠢᠦ ᠶᠢᠨ ᠹᠦ᠋᠂ ᠰᠢᠦᠢ ᠴᠦᠨ ᠡᠾᠦ᠋ᠢ᠂ ᠸᠠᠩ ᠡᠾᠦ᠋ᠩ ᠪᠦᠸᠧ ᠵᠢᠴᠢ ᠳᠡᠳ᠋ ᠲᠡᠷᠢᠭᠦᠯᠡᠭᠴᠢ ᠶᠢᠨ ᠵᠢᠱᠢᠭᠳᠡᠭᠰᠡᠳ ᡂᠢ ᠡᠾᠦ᠋ᠩ ᠽᠧ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠤᠯᠴᠠᠪᠠ᠃        ᠬᠤᠩᠱᠠᠨ ᠲᠣᠭᠤᠷᠢᠭ ᠤᠨ ᠤᠳᠤᠷᠢᠳᠤᠯᠭ᠎ᠠ ᠵᠤᠤ ᠯᠠᠨ ᠭᠤᠸᠠᠩ᠂ ᠸᠠᠩ ᠶᠠ ᠵᠢᠶᠦ᠋ᠨ᠂ ᠶᠠᠩ ᠮᠧᠩ᠂ ᠮᠧᠩ ᠹᠠᠨ ᠯᠢᠩ᠂ ᠯᠢ ᠪᠠᠢ ᠴᠤᠸᠠᠨ᠂ ᠵᠠᠩ ᡁᠢ ᠴᠢᠶᠠᠩ᠂ ᠼᠦᠩ ᠿᠢ ᠮᠢᠨ᠂ ᠯᠢᠶᠠᠩ ᠰᠢᠶᠤᠤ ᠮᠢᠩ᠂ ᠢᠦᠢ ᠴᠦᠨ ᠢᠦᠢ ᠵᠢᠴᠢ ᠬᠤᠩᠱᠠᠨ ᠲᠣᠭᠤᠷᠢᠭ ᠤᠨ ᠤᠳᠤ ᠪᠠᠷ ᠠᠵᠢᠯ ᠤᠨ ᠪᠠᠶᠢᠷᠢᠨ ᠳᠤ ᠪᠠᠨ ᠪᠠᠶᠢᠭ᠎ᠠ ᠳᠡᠳ᠋ ᠭᠠᠵᠠᠷ  ᠤᠨ ᠳᠡᠰ ᠤᠨ ᠤᠳᠤᠷᠢᠳᠬᠤ ᠨᠦᠬᠦᠳ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ᠃
       ᠬᠤᠩᠱᠠᠨ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠡᠬᠢᠯᠡᠯᠲᠡ  ᠶᠢᠨ ᠶᠤᠰᠤᠯᠠᠯ ᠢ ᠡᠷᠬᠢᠯᠡᠪᠡ᠃        ᠬᠤᠩᠱᠠᠨ ᠲᠣᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠱᠢ ᠭᠤᠸᠠᠩ ᠬᠠᠢ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠵᠦᠪᠯᠡᠯ ᠢ ᠲᠥᠯᠦᠭᠡᠯᠡᠨ ᠠᠵᠢᠯ ᠤᠨ ᠮᠡᠳᠡᠭᠦᠯᠦᠯᠲᠡ ᠬᠢᠪᠡ᠃        ᠮᠡᠳᠡᠭᠦᠯᠦᠯᠲᠡ ᠳᠤ ᠵᠢᠭᠠᠬᠤ ᠳᠠᠭᠠᠨ᠂ ᠦᠩᠭᠡᠷᠡᠭᠰᠡᠨ ᠨᠢᠭᠡ ᠵᠢᠯ ᠪᠣᠯ ᠠᠷᠪᠠᠳᠤᠭᠠᠷ ᠬᠤᠭᠤᠴᠠᠭᠠᠨ ᠤ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠬᠠᠷᠢᠭᠤᠴᠠᠭᠰᠠᠨ ᠡᠬᠢᠯᠡᠯᠲᠡ ᠶᠢᠨ ᠤᠨ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠩᠱᠠᠨ ᠲᠣᠭᠤᠷᠢᠭ ᠤᠨ ᠬᠤᠷᠢᠶᠠᠨ ᠤ ᠡᠷᠡᠰ ᠪᠠᠲᠤ ᠤᠳᠤᠷᠢᠳᠤᠯᠭ᠎ᠠ ᠳᠤᠤᠷ᠎ᠠ᠂ ᠪᠠᠶᠢᠩᠭᠤ ᠶᠢᠨ ᠵᠦᠪᠯᠡᠯ ᠨᠢ ᠪᠦᠬᠦ ᠬᠡᠰᠢᠭᠦᠨ ᠳᠤ ᠨᠢᠭᠲᠠ ᠲᠥᠰᠢᠭᠯᠡᠵᠦ᠂ ᠳᠠᠶᠢᠴᠢᠯᠠᠨ ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮᠲᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠲᠡᠭᠦᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠠ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ᠂  ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ᠂  ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠴᠢᠩᠭᠠᠳᠬᠠᠬᠤ ᠪᠠ  ᠬᠠᠯᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠠᠬᠢᠭᠤᠯᠬᠤ ᠶᠢ ᠬᠠᠷᠢᠯᠴᠠᠨ ᠬᠤᠯᠪᠤᠯᠴᠠᠭᠤᠯᠬᠤ ᠶᠢ ᠪᠠᠷᠢᠮᠲᠠᠯᠠᠨ᠂ ᠰᠠᠨᠠᠯ ᠬᠤᠷᠢᠶᠠᠵᠤ ᠵᠠᠰᠠᠭ ᠢ ᠵᠦᠪᠯᠡᠬᠦ ᠪᠠ ᠬᠠᠮᠲᠤ ᠶᠢᠨ ᠲᠠᠨᠢᠯᠲᠠ ᠶᠢ ᠲᠥᠯᠦᠪᠰᠢᠭᠦᠯᠬᠦ ᠬᠤᠤᠰ ᠴᠢᠭᠯᠡᠯ ᠢᠶᠠᠷ ᠬᠦᠴᠦᠯᠡᠨ᠂ ᠤᠯᠤᠰ ᠲᠦᠷᠦ ᠶᠢᠨ ᠵᠦᠪᠯᠡᠯᠭᠡᠨ᠂ ᠠᠷᠠᠳᠴᠢᠯᠠᠯ ᠤᠨ ᠬᠢᠨᠠᠯᠲᠠ᠂ ᠵᠠᠰᠠᠭ ᠲᠤ ᠣᠷᠤᠯᠴᠠᠨ ᠵᠠᠰᠠᠭ ᠢ ᠵᠦᠪᠯᠡᠬᠦ ᠴᠢᠳᠠᠮᠵᠢ ᠨᠠᠷᠢᠨ ᠬᠢᠨᠠᠮᠠᠭᠠᠢ ᠭᠦᠢᠴᠡᠳᠬᠡᠵᠦ᠂ ᠲᠤᠭᠤᠷᠢᠭ  ᠤᠨ ᠠᠵᠤ ᠠᠬᠤᠢ ᠨᠡᠶᠢᠭᠡᠮ ᠤᠨ ᠴᠢᠨᠰᠠᠭ᠎ᠠ ᠰᠠᠶᠢᠲᠠᠢ ᠬᠦᠭᠵᠢᠯᠲᠡ ᠳᠤ ᠤᠶᠤᠨ ᠰᠠᠨᠠᠭᠠᠨ ᠬᠦᠴᠦᠯ ᠵᠢᠳᠬᠦᠯ ᠢᠶᠠᠨ ᠨᠡᠮᠡᠷᠢᠯᠡᠬᠦ ᠬᠡᠷᠡᠭᠲᠡᠢ ᠭᠡᠪᠡ᠃        ᠬᠤᠷᠠᠯ ᠳᠡᠭᠡᠷ᠎ᠡ ᠯᠢ ᠵᠧᠩ ᠪᠣᠣ᠂ ᠼᠦᠢ ᠶᠠᠨ ᠪᠦᠸᠧ᠂ ᠵᠧᠦ ᠶᠦᠩ ᠵᠧᠨ᠂ ᠸᠠᠩ ᠶᠢᠨ ᠴᠢᠦ᠂ ᠵᠢᠦᠢ ᠴᠤᠤ᠂ ᠵᠠᠩ ᠯᠢ ᠬᠤᠸᠠ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠰᠠᠭ᠎ᠠ ᠰᠠᠶᠢᠲᠠᠢ ᠬᠦᠭᠵᠢᠯᠲᠡ ᠶᠢᠨ ᠲᠤᠭᠤᠷᠢᠨ ᠳᠤ ᠶᠠᠷᠢᠶ᠎ᠠ ᠲᠠᠯᠪᠢᠪᠠ᠃        ᠬᠡᠰᠡᠭ ᠪᠥᠯᠦᠭ ᠬᠤᠲᠠ ᠶᠢᠨ ᠰᠢᠭᠤᠳ ᠬᠠᠷᠢᠶᠠᠲᠤ ᠮᠠᠨ ᠤ ᠲᠤᠭᠤᠷᠢᠭ ᠲᠤ ᠰᠠᠭᠤᠷᠢᠰᠢᠭ᠎ᠠ ᠪᠠᠶᠢᠭᠤᠯᠭ᠎ᠠ᠂ ᠲᠤᠭᠤᠷᠢᠭ ᠤᠨ ᠰᠢᠭᠤᠳ ᠬᠠᠷᠢᠶ᠎ᠠ ᠵᠦᠪᠯᠡᠯ ᠠᠯᠪᠠᠨ ᠭᠡᠷ ᠲᠤᠪᠴᠢᠶ᠎ᠠ ᠪᠠ ᠪᠠᠯᠭᠠᠰᠤ ᠵᠡᠭᠡᠯᠢ ᠭᠤᠳᠤᠮᠵᠢ ᠶᠢᠨ ᠨᠠᠮ ᠠᠵᠢᠯᠲᠠᠨ ᠤ ᠵᠦᠪᠯᠡᠯ ᠤᠨ ᠬᠠᠷᠢᠭᠤᠴᠠᠯᠭᠠᠲᠠᠨ ᠨᠦᠬᠦᠳ ᠤᠷᠢᠯᠭ᠎ᠠ ᠪᠠᠷ ᠬᠤᠷᠠᠯ ᠳᠤ ᠤᠷᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号