ᠵᠤᠤ ᠯᠠᠨ ᠭᠤᠸᠠᠩ ᠪᠦᠯᠬᠦᠮ ᠳᠠᠭᠠᠭᠤᠯᠤᠨ ᠭᠠᠨᠵᠸᠦ᠂ ᠱᠧᠨ᠋ᠵᠧᠨ ᠳᠤ ᠬᠦᠷᠴᠦ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2023/5/25
       5 ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠣᠣ ᠯᠠᠨ ᠭᠤᠸᠠᠩ ᠪᠦᠯᠬᠦᠮ ᠳᠠᠭᠠᠭᠤᠯᠤᠨ ᠭᠠᠨᠵᠸᠦ᠂ ᠱᠧᠨ᠋ᠵᠧᠨ ᠳᠤ ᠬᠦᠷᠴᠦ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠦᠷᠨᠢᠭᠦᠯᠵᠦ᠂ ᠠᠵᠤ ᠠᠬᠤᠶᠢᠯᠠᠯ ᠳᠤ ᠠᠶᠢᠯᠴᠢᠯᠠᠬᠤ᠂ ᠨᠤᠲᠤᠭ ᠤᠨ ᠲᠤᠮᠤᠭᠠᠲᠠᠨ ᠲᠠᠢ ᠬᠠᠷᠢᠯᠴᠠᠵᠤ᠂ ᠲᠦᠷᠦᠯ ᠵᠦᠢᠯ ᠢ ᠵᠦᠪᠳᠡᠨ ᠬᠡᠯᠡᠯᠴᠡᠵᠦ᠂  ᠬᠦᠭᠵᠢᠯᠲᠡ ᠶᠢ ᠡᠷᠢᠯᠬᠢᠯᠡᠵᠦ ᠰᠦᠪᠡᠭᠴᠢᠯᠡᠨ᠂ ᠣᠷᠤᠨ ᠬᠡᠴᠡ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ  ᠳᠤ ᠬᠦᠳᠡᠯᠭᠡᠭᠴᠢ ᠬᠦᠴᠦᠨ ᠨᠡᠮᠡᠷᠢᠯᠡᠪᠡ᠃
       ᠵᠣᠣ ᠯᠠᠨ ᠭᠤᠸᠠᠩ ᠨᠠᠷ ᠣᠷᠢᠳ ᠬᠤᠵᠢᠳ ᠵᠢᠶᠠᠩᠰᠢ ᠶᠢᠨ ᠸᠧᠢ ᠳ᠋ᠢᠶᠠᠨ ᠰᠢᠨ᠎ᠡ ᠡᠨᠧᠷᠬᠢ ᠶᠢᠨ ᠬᠢᠵᠠᠭᠠᠷᠲᠤ ᠺᠤᠮᠫᠠᠨᠢ᠂ ᠱᠧᠨ᠋ᠵᠧᠨ ᠬᠤᠲᠠ ᠶᠢᠨ ᠠᠵᠤ ᠠᠬᠤᠶᠢᠯᠠᠯᠲᠠᠨ ᠤ ᠨᠡᠶᠢᠭᠡᠮᠯᠢᠭ᠂ ᠱᠧᠨ᠋ᠵᠧᠨ ᠯᠠᠨ ᠲᠦ᠋ ᠰᠤᠷᠠᠭ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠤᠮᠫᠠᠨᠢ᠂ ᠱᠧᠨ᠋ᠵᠧᠨ ᠤ ᠮᠢᠩ ᠰᠢᠨ ᠰᠢᠦᠢ ᠶᠧ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠧᠨ᠋ᠵᠧᠨ ᠤ ᠬᠤᠤ ᠬᠠᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ᠂ ᠵᠦᠩ ᠴᠢᠩ ᠴᠧᠩ ᠲᠸᠦ ︵ᠭᠤᠸᠠᠩᠳᠦ᠋ᠩ︶ ᠬᠦᠷᠦᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠱᠧᠨ᠋ᠵᠧᠨ ᠤ ᠳ᠋ᠠ ᠱᠢ ᠵᠢᠶᠧ ᠤᠯᠠᠨ ᠤᠯᠤᠰ ᠤᠨ ᠰᠤᠶᠤᠯ ᠤᠨ ᠠᠵᠤ ᠦᠢᠯᠡᠰ ᠤᠨ ᠪᠡᠯᠡ ᠤᠷᠤᠭᠤᠯᠤᠯᠲᠠ ᠬᠤᠪᠢ ᠤᠷᠤᠭᠤᠯᠤᠯᠲᠠ ᠶᠢ ᠡᠷᠬᠡᠰᠢᠶᠡᠬᠦ ᠪᠦᠯᠦᠭᠯᠡᠯ᠂  ᠭᠤᠸᠠᠩᠳᠦ᠋ᠩ ᠤᠨ ᠲᠢᠶᠠᠨ ᠪᠠᠩ ᠬᠤᠪᠢ  ᠶᠢᠨ ᠬᠤᠷᠠᠮᠳᠤᠭᠤᠯᠭ᠎ᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠱᠧᠨ᠋ᠵᠧᠨ ᠤ ᠮᠸᠢ ᠶᠠ ᠳ᠋ᠢ ᠭᠡᠷᠡᠯ ᠴᠠᠬᠢᠯᠭᠠᠨ ᠤ ᠬᠢᠵᠠᠭᠠᠷᠲᠤ ᠺᠤᠮᠫᠠᠨᠢ ᠵᠡᠷᠭᠡ ᠤᠯᠠᠨ ᠠᠵᠤ ᠠᠬᠤᠶᠢᠯᠠᠯ ᠢ ᠲᠤᠭᠤᠷᠢᠨ ᠪᠠᠶᠢᠴᠠᠭᠠᠵᠤ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠢᠷᠡᠭᠡᠳᠦᠢ ᠶᠢᠨ ᠲᠦᠰᠦᠪ᠂ ᠭᠤᠤᠯ ᠪᠣᠯᠬᠤ ᠪᠦᠲᠦᠭᠡᠭᠳᠡᠭᠦᠨ᠂ ᠪᠡᠯᠡ ᠤᠷᠤᠭᠤᠯᠤᠯᠲᠠ ᠶᠢᠨ ᠴᠢᠭᠯᠡᠯ᠂ ᠲᠦᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠤ᠂ ᠡᠮᠦᠨ᠎ᠡ ᠬᠤᠭᠤᠴᠠᠭᠠᠨ ᠤ ᠬᠠᠷᠢᠯᠴᠠᠭ᠎ᠠ ᠰᠤᠯᠢᠯᠴᠠᠭᠠᠨ ᠤ ᠦᠷ᠎ᠡ ᠪᠦᠲᠦᠮᠵᠢ ᠶᠢ ᠯᠠᠪᠰᠢᠷᠠᠭᠤᠯᠵᠤ᠂ ᠲᠦᠷᠦᠯ ᠵᠦᠢᠯ ᠢ ᠡᠷᠲᠡᠬᠡᠨ ᠪᠤᠳᠠᠲᠠᠶᠢᠵᠢᠭᠤᠯᠬᠤ ᠲᠤᠬᠠᠢ ᠵᠤᠯᠭᠠᠯᠴᠠᠭᠤᠯᠵᠤ ᠰᠠᠭᠤᠳᠠᠯ ᠤᠨ ᠬᠤᠷᠠᠯ ᠬᠢᠵᠦ᠂ ᠬᠠᠮᠲᠤ ᠶᠢᠨ ᠲᠠᠨᠢᠯᠲᠠ ᠶᠢ ᠭᠦᠨᠵᠡᠭᠡᠶᠢᠷᠡᠭᠦᠯᠪᠡ᠃        ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠤᠨ ᠤ ᠳᠡᠳ᠋ ᠳᠠᠷᠤᠭ᠎ᠠ ᠬᠤᠸᠠᠩ ᠼᠦᠩ ᠸᠧᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠲᠤᠰᠪᠤᠷᠢ ᠲᠤᠭᠤᠷᠢᠨ ᠪᠠᠶᠢᠴᠠᠭᠠᠯᠲᠠ ᠳᠤ ᠣᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号