ᠬᠤᠩᠱᠠᠨ ᠲᠣᠭᠤᠷᠢᠭ ᠤᠨ ︽ᠲᠥᠮᠡᠨ ᠠᠵᠤ ᠠᠬᠤᠶᠢᠯᠠᠯ ᠲᠥᠮᠡᠨ ᠲᠤᠰᠬᠤᠨ ᠢ ᠮᠠᠨᠳᠤᠭᠤᠯᠬᠤ︾ ᠠᠵᠢᠯᠯᠠᠭᠠᠨ ᠦᠷᠨᠢᠭᠦᠯᠵᠦ᠂ ᠠᠬᠤᠢ ᠲᠠᠯᠠᠪᠠᠢ ᠳᠤ ᠲᠤᠭᠤᠷᠢᠨ ᠪᠠᠶᠢᠴᠠᠭᠠᠬᠤ ᠰᠤᠯᠢᠯᠴᠠᠭᠠᠨ ᠤ ᠬᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2023/9/15
       9 ᠰᠠᠷ᠎ᠠ ᠶᠢᠨ 13 ᠤ ᠡᠳᠦᠷ ᠬᠤᠩᠱᠠᠨ ᠲᠤᠭᠤᠷᠢᠭ ᠤᠨ ᠨᠠᠮ ᠤᠨ ᠬᠤᠷᠢᠶᠠᠨ ᠤ ᠨᠢᠭᠡᠲᠦᠮᠡᠯ ᠹᠷᠤᠨᠲ  ᠤᠨ ᠬᠡᠯᠲᠡᠰ᠂ ᠬᠤᠩᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠸᠧᠨ ᠵᠦᠩ ᠪᠠᠯᠭᠠᠰᠤᠨ ᠳᠤ ︽ᠲᠥᠮᠡᠨ ᠠᠵᠤ ᠠᠬᠤᠶᠢᠯᠠᠯ ᠲᠥᠮᠡᠨ ᠲᠤᠰᠬᠤᠨ ᠢ ᠮᠠᠨᠳᠤᠭᠤᠯᠬᠤ︾ ᠠᠵᠢᠯᠯᠠᠭᠠᠨ ᠦᠷᠨᠢᠭᠦᠯᠵᠦ᠂ ᠲᠤᠬᠠᠢ ᠶᠢᠨ ᠲᠠᠯᠠᠪᠠᠢ ᠳᠤ ᠲᠤᠭᠤᠷᠢᠨ ᠪᠠᠶᠢᠴᠠᠭᠠᠬᠤ ᠰᠣᠯᠢᠯᠴᠠᠭᠠᠨ ᠤ ᠬᠤᠷᠠᠯ ᠡᠷᠬᠢᠯᠡᠪᠡ᠃ ᠲᠤᠭᠤᠷᠢᠭ ᠤᠨ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠳᠠᠷᠤᠭ᠎ᠠ ᠵᠠᠩ ᡁᠢ ᠴᠢᠶᠠᠩ ᠠᠵᠢᠯᠯᠠᠭᠠᠨ ᠳᠤ ᠤᠷᠤᠯᠴᠠᠪᠠ᠃        ᠬᠤᠷᠠᠯ ᠠᠴᠠ ᠡᠮᠦᠨ᠎ᠡ ᠬᠤᠷᠠᠯ ᠳᠤ ᠤᠷᠤᠯᠴᠠᠭᠰᠠᠳ ᠰᠢ ᠶᠤᠸᠠᠢ ᠭᠤᠤᠯ ᠤᠨ ᠬᠦᠨᠳᠡᠢ ᠶᠢᠨ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ᠂ ᠤᠯᠠᠭᠠᠨᠬᠠᠳᠠ ᠬᠤᠲᠠ ᠶᠢᠨ ᠡᠾᠧ ᠮᠸᠢ ᠤᠶᠤᠨᠴᠢ ᠲᠠᠷᠢᠶᠠᠯᠠᠩ ᠤᠨ ᠲᠠᠷᠢᠮᠠᠯ ᠤᠨ ᠲᠤᠰᠬᠠᠶᠢᠵᠢᠭᠰᠠᠨ ᠬᠤᠷᠰᠢᠶᠠᠵᠢᠯ ᠤᠨ ᠲᠦᠷᠦᠯ ᠵᠦᠢᠯ ᠪᠠ ᠰᠦᠩ ᠯᠢᠨ ᠵᠤᠰᠠᠯᠠᠩ ᠤᠨ ᠲᠦᠷᠦᠯ ᠵᠦᠢᠯ ᠢ ᠲᠤᠭᠤᠷᠢᠨ ᠪᠠᠶᠢᠴᠠᠭᠠᠵᠤ᠂  ᠸᠧᠨ ᠵᠦᠩ ᠲᠤᠰᠬᠤᠨ᠂ ᠯᠢᠦ ᠲᠢᠶᠤᠤ ᠭᠸᠦ ᠲᠤᠰᠬᠤᠨ᠂ ᠰᠢ ᠱᠦᠢ ᠴᠤᠸᠠᠨ ᠲᠤᠰᠬᠤᠨ᠂ ᠳ᠋ᠦᠩ ᠰᠠᠨ ᠶᠠᠨ ᠲᠤᠰᠬᠤᠨ ᠵᠡᠷᠭᠡ ᠲᠠᠪᠤᠨ ᠲᠤᠰᠬᠤᠨ ᠳᠤ ︽ᠨᠡᠷ᠎ᠡ ᠬᠦᠨᠳᠦᠲᠦ ᠲᠤᠰᠬᠤᠨ ᠤ ᠡᠷᠬᠢᠯᠡᠭᠴᠢ︾ ᠶᠢᠨ ᠦᠨᠡᠮᠯᠡᠯ ᠣᠯᠭᠤᠪᠠ᠃ ᠶᠠᠷᠢᠯᠴᠠᠬᠤ ᠬᠤᠷᠠᠯ ᠳᠡᠭᠡᠷ᠎ᠡ ᠬᠤᠷᠠᠯ ᠳᠤ ᠤᠷᠤᠯᠴᠠᠭᠰᠠᠳ ᠠᠵᠤ ᠠᠬᠤᠶᠢᠯᠠᠯ ︽ᠲᠦᠮᠡᠨ ᠠᠵᠤ ᠠᠬᠤᠶᠢᠯᠠᠯ ᠲᠦᠮᠡᠨ ᠲᠤᠰᠬᠤᠨ ᠢ ᠮᠠᠨᠳᠤᠭᠤᠯᠬᠤ︾ ᠠᠵᠢᠯᠯᠠᠭᠠᠨ ᠳᠤ ᠰᠢᠨ᠎ᠡ ᠰᠡᠳᠬᠢᠮᠵᠢ᠂ ᠰᠢᠨ᠎ᠡ ᠠᠷᠭ᠎ᠠ ᠠᠪᠴᠠᠯ ᠡᠷᠭᠦᠵᠦ ᠭᠦᠨᠵᠡᠭᠡᠢ ᠰᠤᠳᠤᠯᠤᠨ ᠶᠠᠷᠢᠯᠴᠠᠬᠤ ᠶᠢᠨ ᠬᠠᠮᠲᠤ ᠲᠦᠷᠦᠯ ᠵᠦᠢᠯ ᠤᠨ ᠬᠦᠭᠵᠢᠯᠲᠡ᠂ ᠤᠷᠤᠰᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠳᠠᠷᠠᠭ᠎ᠠ ᠠᠯᠬᠤᠮ ᠤᠨ ᠲᠦᠯᠦᠪᠵᠢᠭᠦᠯᠭᠡ ᠵᠡᠷᠭᠡ ᠳᠤ ᠰᠠᠨᠠᠯ ᠰᠠᠨᠠᠭᠤᠯᠭ᠎ᠠ ᠪᠠᠨ ᠳᠤᠷᠠᠳᠪᠠ᠃        ᠬᠤᠷᠠᠯ ᠳᠤ ᠴᠢᠬᠤᠯᠠᠴᠢᠯᠠᠭᠰᠠᠨ ᠨᠢ᠂ ᠲᠤᠬᠠᠢ ᠶᠢᠨ ᠭᠠᠵᠠᠷ ᠤᠨ ᠬᠦᠭᠵᠢᠯᠲᠡ ᠶᠢᠨ ᠪᠤᠳᠠᠲᠠᠢ ᠳᠤ ᠰᠠᠭᠤᠷᠢᠯᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠡᠬᠢ ᠪᠠᠶᠠᠯᠢᠭ ᠤᠨ ᠳᠠᠪᠠᠭᠤᠯᠢᠭ ᠪᠠ ᠬᠦᠳᠡᠭᠡ ᠲᠤᠰᠬᠤᠨ ᠤ ᠬᠦᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠪᠦᠲᠦᠮᠵᠢᠲᠡᠢ ᠵᠤᠯᠭᠠᠯᠴᠠᠭᠤᠯᠬᠤ ᠶᠢ ᠠᠬᠢᠭᠤᠯᠤᠨ᠂ ᠲᠤᠰᠬᠤᠨ ᠠᠵᠤ ᠠᠬᠤᠶᠢᠯᠠᠯ ᠬᠠᠷᠢᠯᠴᠠᠨ ᠠᠰᠢᠭ ᠬᠦᠷᠲᠡᠭᠡᠵᠦ ᠬᠠᠮᠲᠤᠪᠡᠷ ᠢᠯᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠪᠠᠶᠢᠳᠠᠯ ᠬᠠᠨᠳᠤᠰᠢ ᠶᠢ ᠤᠯᠠᠮ ᠨᠢᠭᠡ ᠠᠯᠬᠤᠮ ᠤᠶᠢᠯᠠᠭᠠᠵᠤ᠂ ᠦᠪᠡᠷ ᠪᠡᠶ᠎ᠡ ᠳᠤ ᠪᠠᠨ ᠳᠠᠷᠤᠯᠲᠠ ᠦᠭᠴᠦ᠂ ᠭᠤᠤᠯᠳᠠᠯᠭ᠎ᠠ ᠶᠢ ᠲᠤᠳᠤᠷᠬᠠᠶᠢᠯᠠᠵᠤ᠂ ᠬᠦᠴᠢᠷᠳᠡᠯᠭᠡ ᠶᠢ ᠢᠯᠠᠨ ᠳᠠᠪᠠᠵᠤ᠂ ᠬᠠᠷᠢᠭᠤᠴᠠᠯᠭ᠎ᠠ ᠶᠢ ᠯᠠᠪᠰᠢᠷᠠᠭᠤᠯᠵᠤ᠂ ᠪᠦᠲᠦᠮᠵᠢ ᠶᠢ ᠪᠠᠲᠤᠯᠠᠬᠤ ᠬᠡᠷᠡᠭᠲᠡᠢ᠃ ᠠᠵᠢᠯ ᠤᠨ ᠬᠢᠯᠠᠰ ᠴᠡᠭ ᠢ ᠳᠤᠪᠤᠶᠢᠯᠭᠠᠨ᠂ ᠤᠬᠠᠭᠤᠯᠭ᠎ᠠ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠨᠡᠶᠢᠲᠡᠯᠢᠭ ᠠᠵᠤ ᠠᠬᠤᠶᠢᠯᠠᠯ᠂ ᠨᠡᠶᠢᠲᠡᠯᠢᠭ ᠲᠦᠷᠦᠯ ᠵᠦᠢᠯ ᠤᠨ ᠵᠢᠱᠢᠶ᠎ᠡ ᠦᠵᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ ᠤᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠠᠭᠠᠭᠤᠯᠤᠨ ︽ᠲᠦᠮᠡᠨ ᠠᠵᠤ ᠠᠬᠤᠶᠢᠯᠠᠯ ᠲᠦᠮᠡᠨ ᠲᠤᠰᠬᠤᠨ ᠢ ᠮᠠᠨᠳᠤᠭᠤᠯᠬᠤ︾ ᠠᠵᠢᠯᠯᠠᠭᠠᠨ ᠳᠤ ᠬᠦᠴᠦ ᠪᠠᠨ ᠡᠷᠭᠦᠵᠦ᠂ ᠬᠦᠳᠡᠭᠡ ᠲᠤᠰᠬᠤᠨ  ᠢ ᠬᠦᠴᠦᠷᠬᠡᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃        ᠲᠤᠭᠤᠷᠢᠭ ᠤᠨ ᠨᠠᠮ ᠤᠨ ᠬᠤᠷᠢᠶᠠᠨ ᠤ ᠨᠢᠭᠡᠲᠦᠮᠡᠯ ᠹᠷᠤᠨᠲ ᠤᠨ ᠬᠡᠯᠲᠡᠰ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠤᠪᠴᠢᠶ᠎ᠠ᠂ ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠸᠧᠨ ᠵᠦᠩ ᠪᠠᠯᠭᠠᠰᠤᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠨᠡᠷ᠎ᠡ ᠬᠦᠨᠳᠦᠲᠦ ᠲᠤᠰᠬᠤᠨ ᠤ ᠡᠷᠬᠢᠯᠡᠭᠴᠢ ᠶᠢᠨ ᠲᠦᠯᠦᠭᠡᠯᠡᠭᠴᠢᠳ 10  ᠭᠠᠷᠤᠢ ᠬᠦᠮᠦᠨ ᠠᠵᠢᠯᠯᠠᠭᠠᠨ ᠳᠤ ᠤᠷᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号