︽ᠴᠠᠬᠢᠯᠭᠠᠨ ᠬᠡᠷᠡᠭᠯᠡᠬᠦ ᠤᠷᠭᠢᠯ ᠤᠨ ᠬᠤᠭᠤᠴᠠᠭᠠᠨ ᠳᠤ ᠣᠷᠭᠢᠯ ᠢ ᠵᠦᠷᠢᠭᠦᠯᠦᠨ ᠴᠠᠬᠢᠯᠭᠠᠨ ᠬᠡᠷᠡᠭᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/20
       ᠨᠢᠭᠡ᠂  ᠲᠦᠷᠦ ᠶᠢᠨ ᠪᠤᠳᠤᠯᠭ᠎ᠠ ᠲᠤᠭᠲᠠᠭᠠᠭᠰᠠᠨ ᠠᠬᠤᠢ ᠪᠠᠶᠢᠳᠠᠯ ᠪᠠ ᠵᠤᠷᠢᠯᠭ᠎ᠠ        ᠤᠶᠢᠷ᠎ᠠ ᠶᠢᠨ ᠬᠤᠭᠤᠴᠠᠭᠠᠨ ᠳᠤ ᠦᠨᠳᠦᠷ ᠳᠤᠯᠠᠭᠠᠨ ᠭᠠᠩ ᠬᠠᠭᠰᠠᠷᠭᠠᠨ ᠤ ᠠᠭᠤᠷ ᠠᠮᠢᠰᠬᠤᠯ ᠦᠷᠭᠦᠯᠵᠢᠯᠡᠵᠦ᠂ ᠤᠯᠠᠭᠠᠨᠬᠠᠳᠠ ᠶᠢᠨ ᠪᠦᠬᠦ ᠤᠷᠤᠨ ᠬᠡᠪᠴᠢᠶᠡᠨ ᠳᠤ ᠴᠠᠬᠢᠯᠭᠠᠨ ᠤ ᠬᠡᠷᠡᠭᠯᠡᠯᠲᠡ ᠳᠠᠭᠠᠭᠠᠴᠠ ᠶᠡᠬᠡᠪᠡᠷ ᠨᠡᠮᠡᠭᠳᠡᠵᠦ ᠪᠠᠶᠢᠭ᠎ᠠ ᠪᠠᠶᠢᠳᠠᠯ ᠳᠤᠤᠷ᠎ᠠ᠂ ᠤᠯᠠᠭᠠᠨᠬᠠᠳᠠ ᠶᠢᠨ ᠴᠠᠭ ᠠᠭᠤᠷ ᠤᠨ ᠲᠤᠪᠴᠢᠶᠠᠨ ᠤ ᠦᠢᠯᠡᠴᠢᠯᠡᠭᠡ ᠰᠤᠷᠠᠭ ᠵᠠᠩᠭᠢ ᠶᠢᠨ ᠰᠠᠨᠠᠭᠤᠯᠤᠮᠵᠢ ᠶᠢ ᠦᠨᠳᠦᠰᠦᠯᠡᠨ᠂ ᠦᠨᠳᠦᠷ ᠳᠤᠯᠠᠭᠠᠨ ᠦᠷᠭᠦᠯᠵᠢᠯᠡᠵᠦ᠂ ᠴᠠᠬᠢᠯᠭᠠᠨ ᠤ ᠬᠡᠷᠡᠭᠯᠡᠭᠡ ᠤᠯᠠᠮ ᠨᠢᠭᠡ ᠠᠯᠬᠤᠮ ᠨᠡᠮᠡᠭᠳᠡᠬᠦ ᠪᠤᠯᠤᠨ᠎ᠠ᠃ ᠤᠯᠤᠰ ᠤᠨ ᠴᠠᠬᠢᠯᠭᠠᠨ ᠲᠤᠤᠷᠵᠢᠯ ᠤᠨ ᠤᠯᠠᠭᠠᠨᠬᠠᠳᠠ ᠶᠢᠨ ᠴᠠᠬᠢᠯᠭᠠᠨ ᠵᠤᠬᠢᠴᠠᠭᠤᠯᠤᠨ ᠡᠵᠡᠮᠳᠡᠬᠦ ᠲᠦᠪ ᠤᠨ ᠡᠳᠦᠷ ᠪᠦᠷᠢ ᠶᠢᠨ ᠰᠡᠷᠡᠮᠵᠢ ᠪᠡᠯᠡᠳᠬᠡᠯ ᠤᠨ ᠮᠡᠳᠡᠭᠳᠡᠯ ᠢ ᠦᠨᠳᠦᠰᠦᠯᠡᠨ᠂ ᠤᠯᠤᠰ ᠤᠨ ᠴᠠᠬᠢᠯᠭᠠᠨ ᠲᠤᠤᠷᠵᠢᠯ ᠤᠨ ᠬᠤᠩᠱᠠᠨ ᠲᠤᠭᠤᠷᠢᠭ ᠤᠨ ᠴᠠᠬᠢᠯᠭᠠᠨ ᠬᠠᠩᠭᠠᠬᠤ ᠺᠤᠮᠫᠠᠨᠢ  ᠶᠢᠨ ᠴᠠᠬᠢᠯᠭᠠᠨ ᠬᠠᠩᠭᠠᠬᠤ ᠤᠷᠤᠨ ᠬᠡᠪᠴᠢᠶᠡᠨ ᠳᠤ ᠴᠠᠬᠢᠯᠭᠠᠨ ᠤ ᠬᠠᠩᠭᠠᠯᠭ᠎ᠠ ᠶᠡᠷᠦᠩᠬᠡᠢ ᠳᠡᠭᠡᠨ ᠲᠤᠭᠲᠠᠭᠤᠨ᠂ ᠭᠡᠪᠡᠴᠦ ᠴᠠᠬᠢᠯᠭᠠᠨ ᠤ ᠬᠠᠩᠭᠠᠯᠭ᠎ᠠ ᠶᠢᠨ ᠲᠤᠲᠠᠭᠤᠳᠠᠯ ᠪᠠᠰᠠ ᠢᠯᠡᠷᠡᠬᠦ ᠪᠤᠯᠤᠮᠵᠢ ᠲᠠᠢ᠃ ᠴᠠᠬᠢᠯᠭᠠᠨ ᠲᠤᠤᠷᠵᠢᠯ ᠤᠨ ᠠᠶᠦᠯᠭᠦᠢ ᠲᠤᠭᠲᠠᠭᠤᠨ ᠠᠵᠢᠯᠯᠠᠬᠤ ᠶᠢ  ᠪᠠᠲᠤᠯᠠᠵᠤ᠂  ᠠᠵᠤ ᠦᠢᠯᠡᠳᠪᠦᠷᠢ ᠠᠵᠤ ᠠᠬᠤᠶᠢᠯᠠᠯ ᠪᠠ ᠦᠷᠭᠡᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠠᠬᠢ ᠴᠠᠬᠢᠯᠭᠠᠨ ᠤ ᠬᠡᠷᠡᠭᠴᠡᠭᠡ ᠶᠢ ᠬᠦᠷᠦᠯᠴᠡᠭᠡᠲᠡᠢ ᠬᠠᠩᠭᠠᠬᠤ ᠶᠢᠨ ᠲᠦᠯᠦᠭᠡ᠂ ᠲᠤᠰ ᠮᠡᠳᠡᠭᠳᠡᠯ ᠢ ᠤᠨᠴᠠᠭᠠᠶᠢᠯᠠᠨ ᠨᠡᠶᠢᠲᠡᠯᠡᠪᠡ᠃        ᠬᠤᠶᠠᠷ᠂ ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ ᠦᠨᠳᠦᠰᠦᠯᠡᠯ        ︽ᠤᠯᠠᠭᠠᠨᠬᠠᠳᠠ ᠬᠤᠲᠠ ᠶᠢᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ︿ᠤᠯᠠᠭᠠᠨᠬᠠᠳᠠ  ᠶᠢᠨ ᠴᠠᠬᠢᠯᠭᠠᠨ ᠤ ᠳᠠᠭᠠᠭᠠᠴᠠ ᠶᠢᠨ ᠬᠠᠮᠢᠶᠠᠷᠤᠯᠲᠠ ᠶᠢᠨ ᠪᠡᠯᠡᠳᠬᠡᠯ ᠲᠦᠰᠦᠯ﹀ ᠤᠨ ᠮᠡᠳᠡᠭᠳᠡᠯ ︵ᠤᠯᠠᠭᠠᠨᠬᠠᠳᠠ ᠬᠦᠭᠵᠢᠭᠦᠯᠦᠯᠲᠡ ᠦᠭᠡᠷᠡᠴᠢᠯᠡᠯᠲᠡ ᠴᠠᠬᠢᠯᠭᠠᠨ ᠬᠦᠴᠦᠨ ᠦᠰᠦᠭ 【2023】502 ᠲᠤᠭᠠᠲᠤ︶        ᠭᠤᠷᠪᠠ᠂ ᠭᠤᠤᠯᠳᠠᠯᠭ᠎ᠠ ᠲᠠᠢ ᠠᠭᠤᠯᠭ᠎ᠠ        1. ᠬᠤᠩᠱᠠᠨ ᠲᠤᠭᠤᠷᠢᠭ ᠤᠨ ᠴᠠᠬᠢᠯᠭᠠᠨ ᠤ ᠬᠠᠩᠭᠠᠯᠭ᠎ᠠ ᠶᠢᠨ ᠰᠠᠯᠠᠭ᠎ᠠ ᠮᠦᠴᠢᠷ ᠤᠯᠠᠨ ᠲᠦᠷᠦᠯ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠬᠡᠷᠡᠭᠵᠢᠭᠦᠯᠵᠦ᠂ ᠴᠠᠬᠢᠯᠭᠠᠨ ᠤ ᠳᠠᠷᠤᠯᠲᠠ ᠶᠢᠨ ᠴᠢᠨᠠᠷ ᠴᠢᠨᠰᠠᠭ᠎ᠠ ᠪᠠ ᠰᠠᠭᠤᠭᠠᠯᠢ ᠠᠷᠠᠳ ᠤᠨ ᠦᠨᠳᠦᠰᠦᠨ ᠦᠢᠯᠡᠳᠪᠦᠷᠢᠯᠡᠯ ᠠᠮᠢᠳᠤᠷᠠᠯ ᠳᠤ ᠬᠡᠷᠡᠭᠰᠡᠬᠦ ᠴᠠᠬᠢᠯᠭᠠᠨ ᠢ ᠬᠠᠩᠭᠠᠯᠲᠠᠲᠠᠢ ᠪᠠᠲᠤᠯᠠᠨ᠎ᠠ᠃        2. ᠡᠯ᠎ᠡ ᠬᠤᠯᠪᠤᠭᠳᠠᠯ ᠪᠦᠬᠦᠢ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠩᠱᠠᠨ ᠲᠤᠭᠤᠷᠢᠭ ᠤᠨ ᠴᠠᠬᠢᠯᠭᠠᠨ ᠤ ᠬᠠᠩᠭᠠᠯᠭ᠎ᠠ ᠶᠢᠨ ᠰᠠᠯᠠᠭ᠎ᠠ ᠮᠦᠴᠢᠷ ᠲᠠᠢ ᠬᠠᠮᠵᠢᠯᠴᠠᠵᠤ᠂ ᠤᠷᠭᠢᠯ ᠢ ᠵᠦᠷᠢᠭᠦᠯᠦᠨ ᠴᠠᠬᠢᠯᠭᠠᠨ ᠬᠡᠷᠡᠭᠯᠡᠬᠦ ᠠᠷᠭ᠎ᠠ ᠬᠡᠮᠵᠢᠶ᠎ᠡ ᠵᠢᠴᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠤᠬᠠᠭᠤᠯᠬᠤ ᠠᠵᠢᠯ ᠢ ᠵᠤᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠂ ᠨᠠᠵᠠᠭᠠᠢ ᠶᠠᠷᠢᠶ᠎ᠠ ᠬᠡᠯᠡᠯᠴᠡᠭᠡ᠂ ᠪᠠᠶᠢᠳᠠᠯ ᠭᠠᠷᠬᠤ ᠠᠴᠠ ᠵᠠᠶᠢᠯᠠᠰᠬᠢᠨ᠎ᠠ        3. ᠬᠤᠯᠪᠤᠭᠳᠠᠯ ᠪᠦᠬᠦᠢ ᠳᠠᠭᠠᠭᠠᠴᠠ ᠶᠢᠨ ᠬᠠᠮᠢᠶᠠᠷᠤᠯᠲᠠ ᠶᠢᠨ ᠬᠤᠭᠤᠴᠠᠭᠠᠨ ᠳᠠᠬᠢ ᠠᠵᠤ ᠠᠬᠤᠶᠢᠯᠠᠯ  ᠤᠨ ᠬᠡᠷᠡᠭᠯᠡᠭᠴᠢᠳ ᠢᠳᠡᠪᠬᠢᠲᠡᠢ ᠬᠠᠮᠵᠢᠯᠴᠠᠵᠤ᠂ ᠳᠠᠭᠠᠭᠠᠴᠠ ᠶᠢᠨ ᠬᠠᠮᠢᠶᠠᠷᠤᠯᠲᠠ ᠶᠢᠨ ᠶᠠᠪᠤᠴᠠ ᠳᠠᠬᠢ ᠡᠯ᠎ᠡ ᠲᠦᠷᠦᠯ ᠤᠨ ᠠᠵᠢᠯ ᠢ ᠰᠠᠶᠢᠲᠤᠷ ᠶᠠᠪᠤᠭᠳᠠᠭᠤᠯᠬᠤ ᠬᠡᠷᠡᠭᠲᠡᠢ᠃        ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ  ᠤᠨ ᠵᠠᠰᠠᠭ ᠤᠨ ᠣᠷᠳᠤᠨ ᠤ ᠴᠠᠬᠢᠯᠭᠠᠨ ᠬᠡᠷᠡᠭᠯᠡᠬᠦ ᠣᠷᠭᠢᠯ ᠤᠨ ᠬᠤᠭᠤᠴᠠᠭᠠᠨ ᠳᠤ ᠣᠷᠭᠢᠯ ᠢ ᠵᠦᠷᠢᠭᠦᠯᠦᠨ ᠴᠠᠬᠢᠯᠭᠠᠨ ᠬᠡᠷᠡᠭᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号