ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠴᠠᠬᠢᠯᠭᠠᠨ ᠬᠡᠷᠡᠭᠰᠡᠬᠦ ᠣᠷᠬᠢᠯ ᠤᠨ ᠬᠤᠭᠤᠴᠠᠭᠠᠨ ᠳᠤ ᠣᠷᠭᠢᠯ ᠢ ᠵᠦᠷᠢᠭᠦᠯᠦᠨ ᠴᠠᠬᠢᠯᠭᠠᠨ ᠬᠡᠷᠡᠭᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/9/20
ᠡᠯ᠎ᠡ ᠬᠤᠯᠪᠤᠭᠳᠠᠯ ᠪᠦᠬᠦᠢ ᠲᠠᠷᠢᠶᠠᠯᠠᠬᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ  ᠤᠨ ᠰᠢᠭᠤᠳ ᠬᠠᠷᠢᠶ᠎ᠠ ᠬᠠᠮᠢᠶ᠎ᠠ ᠪᠦᠬᠦᠢ ᠵᠦᠪᠯᠡᠯ ᠠᠯᠪᠠᠨ ᠭᠡᠷ ᠲᠤᠪᠴᠢᠶ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ᠄        ︽ᠤᠯᠠᠭᠠᠨᠬᠠᠳᠠ ᠬᠤᠲᠠ ᠶᠢᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠶᠢᠨ ᠲᠠᠷᠬᠠᠭᠠᠭᠰᠠᠨ ︿ᠤᠯᠠᠭᠠᠨᠬᠠᠳᠠ ᠬᠤᠲᠠ ᠶᠢᠨ ᠴᠠᠬᠢᠯᠭᠠᠨ ᠲᠤᠤᠷᠵᠢᠯ ᠤᠨ ᠳᠠᠭᠠᠭᠠᠴᠠ ᠶᠢᠨ ᠬᠠᠮᠢᠶᠠᠷᠤᠯᠲᠠ ᠶᠢᠨ ᠪᠡᠯᠡᠳᠬᠡᠯ ᠲᠦᠰᠦᠯ﹀  ᠤᠨ ᠮᠡᠳᠡᠭᠳᠡᠯ︾ ︵ᠤᠯᠠᠭᠠᠨᠬᠠᠳᠠ ᠬᠦᠭᠵᠢᠭᠦᠯᠦᠯᠲᠡ ᠦᠭᠡᠷᠡᠴᠢᠯᠡᠯᠲᠡ ᠴᠠᠬᠢᠯᠭᠠᠨ ᠬᠦᠴᠦᠨ ᠦᠰᠦᠭ【2023】 502 ᠲᠤᠭᠠᠲᠤ︶   ᠤᠨ ᠱᠠᠭᠠᠷᠳᠠᠯᠭ᠎ᠠ ᠶᠢ ᠦᠨᠳᠦᠰᠦᠯᠡᠨ᠂  ᠡᠳᠦᠭᠡ ᠣᠷᠭᠢᠯ ᠤᠨ ᠬᠤᠭᠤᠴᠠᠭᠠᠨ ᠳᠤ ᠣᠷᠭᠢᠯ ᠢ ᠵᠦᠷᠢᠭᠦᠯᠦᠨ ᠴᠠᠬᠢᠯᠭᠠᠨ ᠬᠡᠷᠡᠭᠯᠡᠬᠦ ᠲᠤᠬᠠᠢ ᠬᠠᠮᠢᠶ᠎ᠠ ᠪᠦᠬᠦᠢ ᠤᠴᠢᠷ ᠶᠠᠪᠤᠳᠠᠯ ᠢ ᠰᠠᠶᠢᠲᠤᠷ ᠬᠢᠬᠦ ᠲᠤᠬᠠᠢ ᠳᠤᠤᠷ᠎ᠠ ᠮᠡᠳᠡᠭᠳᠡᠶ᠎ᠡ᠄        ᠨᠢᠭᠡ᠂ ᠬᠤᠩᠱᠠᠨ ᠲᠤᠭᠤᠷᠢᠭ ᠤᠨ ᠴᠠᠬᠢᠯᠭᠠᠨ ᠤ ᠬᠠᠩᠭᠠᠯᠭ᠎ᠠ ᠶᠢᠨ ᠰᠠᠯᠠᠭ᠎ᠠ ᠮᠦᠴᠢᠷ ᠤᠯᠠᠨ ᠲᠦᠷᠦᠯ  ᠤᠨ ᠮᠡᠷᠭᠡᠵᠢᠯ ᠤᠨ ᠠᠷᠭ᠎ᠠ ᠬᠡᠮᠵᠢᠶ᠎ᠡ ᠠᠪᠴᠤ ᠴᠠᠬᠢᠯᠭᠠᠨ ᠬᠦᠴᠦᠳᠠᠯ ᠤᠨ ᠴᠢᠨᠠᠷ ᠴᠢᠨᠰᠠᠭ᠎ᠠ ᠪᠠ ᠰᠠᠭᠤᠭᠠᠯᠢ ᠠᠷᠠᠳ  ᠤᠨ ᠦᠨᠳᠦᠰᠦᠨ ᠦᠢᠯᠡᠳᠪᠦᠷᠢᠯᠡᠯ ᠠᠮᠢᠳᠤᠷᠠᠯ ᠳᠤ ᠬᠡᠷᠡᠭᠰᠡᠬᠦ ᠴᠠᠬᠢᠯᠭᠠᠨ ᠢ ᠬᠠᠩᠭᠠᠯᠲᠠᠲᠠᠢ ᠪᠠᠲᠤᠯᠠᠬᠤ ᠬᠡᠷᠡᠭᠲᠡᠢ᠃        ᠬᠤᠶᠠᠷ᠂ ᠡᠯ᠎ᠡ ᠬᠤᠯᠪᠤᠭᠳᠠᠯ ᠪᠦᠬᠦᠢ ᠲᠠᠷᠢᠶᠠᠯᠠᠬᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠩᠱᠠᠨ ᠲᠤᠭᠤᠷᠢᠭ ᠤᠨ ᠴᠠᠬᠢᠯᠭᠠᠨ ᠤ ᠬᠠᠩᠭᠠᠯᠭ᠎ᠠ ᠶᠢᠨ ᠰᠠᠯᠠᠭ᠎ᠠ ᠮᠦᠴᠢᠷ ᠤᠨ ᠬᠠᠩᠭᠠᠭᠰᠠᠨ ᠴᠠᠬᠢᠯᠭᠠᠨ ᠬᠦᠴᠦᠨ ᠤ ᠲᠤᠭ᠎ᠠ ᠪᠠᠷᠢᠮᠲᠠ ᠪᠠ ᠳᠠᠭᠠᠭᠠᠴᠠ ᠶᠢᠨ ᠱᠠᠭᠠᠷᠳᠠᠯᠭ᠎ᠠ ᠶᠢ ᠦᠨᠳᠦᠰᠦᠯᠡᠨ ᠬᠠᠷᠢᠶ᠎ᠠ ᠣᠷᠤᠨ ᠤ ᠡᠯ᠎ᠡ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠷᠡᠭᠯᠡᠭᠴᠢᠳ ᠵᠢᠴᠢ ᠡᠯ᠎ᠡ ᠵᠠᠰᠠᠭ ᠵᠠᠬᠢᠷᠭᠠᠨ ᠤ ᠲᠤᠰᠬᠤᠨ ᠳᠠᠭᠠᠭᠠᠴᠠ ᠶᠢᠨ ᠣᠷᠭᠢᠯ ᠤᠨ ᠬᠤᠭᠤᠴᠠᠭᠠᠨ ᠳᠤ ᠴᠠᠬᠢᠯᠭᠠᠨ ᠢ ᠠᠷᠪᠢᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠷᠡᠭᠯᠡᠭᠴᠢᠳ ᠤᠨ ᠤᠷᠭᠢᠯ ᠤᠨ ᠬᠤᠭᠤᠴᠠᠭᠠᠨ ︵17᠄ 00 - 21᠄ 00︶ ᠳᠤ ᠣᠷᠭᠢᠯ ᠢ ᠵᠦᠷᠢᠭᠦᠯᠦᠨ ᠴᠠᠬᠢᠯᠭᠠᠨ ᠬᠡᠷᠡᠭᠯᠡᠬᠦ ᠶᠢ ᠰᠠᠶᠢᠲᠤᠷ ᠵᠤᠬᠢᠴᠠᠭᠤᠯᠵᠤ᠂ ᠳᠠᠭᠠᠭᠠᠴᠠ ᠶᠢ ᠴᠢᠳᠠᠬᠤ ᠶᠢᠨ ᠲᠤᠲᠤᠷ᠎ᠠ ᠪᠠᠭᠤᠷᠠᠭᠤᠯᠵᠤ᠂ ᠦᠢᠯᠡᠳᠪᠦᠷᠢᠯᠡᠯ ᠢ ᠴᠢᠳᠠᠬᠤ ᠶᠢᠨ ᠲᠤᠲᠤᠷ᠎ᠠ ᠶᠠᠭᠠᠷᠠᠭ᠎ᠠ ᠦᠭᠡᠢ ᠶᠠᠪᠤᠭᠳᠠᠭᠤᠯᠬᠤ ᠬᠡᠷᠡᠭᠲᠡᠢ᠃  ᠡᠯ᠎ᠡ ᠵᠠᠰᠠᠭ ᠵᠠᠬᠢᠷᠭᠠᠨ ᠤ ᠲᠤᠰᠬᠤᠨ ᠤ ᠲᠤᠭᠲᠠᠭᠠᠭᠰᠠᠨ ᠴᠠᠬᠢᠯᠭᠠᠨ ᠬᠡᠷᠡᠭᠯᠡᠬᠦ ᠡᠭᠡᠯᠵᠢ ᠳᠠᠷᠠᠭ᠎ᠠ ᠶᠢᠨ ᠲᠤᠬᠢᠷᠠᠭᠤᠯᠭ᠎ᠠ ᠶᠢ ᠨᠠᠶᠢᠳᠠᠪᠤᠷᠢᠵᠢᠭᠤᠯᠬᠤ ᠶᠢ ᠬᠦᠲᠦᠯᠦᠨ ᠵᠢᠯᠤᠭᠤᠳᠴᠤ᠂  ᠵᠦᠢ ᠵᠤᠬᠢᠰᠲᠠᠢ  ᠪᠠᠷ ᠣᠷᠭᠢᠯ ᠢ ᠵᠦᠷᠢᠭᠦᠯᠦᠨ ᠴᠠᠬᠢᠯᠭᠠᠨ ᠬᠡᠷᠡᠭᠯᠡᠬᠦ ᠬᠡᠷᠡᠭᠲᠡᠢ᠃        ᠭᠤᠷᠪᠠ᠂ ᠡᠯ᠎ᠡ ᠬᠤᠯᠪᠤᠭᠳᠠᠯ ᠪᠥᠬᠦᠢ ᠲᠠᠷᠢᠶᠠᠯᠠᠬᠤ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠩᠱᠠᠨ ᠲᠤᠭᠤᠷᠢᠭ ᠤᠨ ᠴᠠᠬᠢᠯᠭᠠᠨ ᠬᠠᠩᠭᠠᠬᠤ ᠰᠠᠯᠠᠭ᠎ᠠ ᠮᠦᠴᠢᠷ ᠲᠠᠢ ᠬᠤᠯᠪᠤᠭᠠᠯᠠᠨ ᠴᠠᠬᠢᠯᠭᠠᠨ ᠬᠡᠷᠡᠭᠯᠡᠬᠦ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠢ ᠬᠦᠳᠡᠯᠦᠩᠭᠦᠢ ᠦᠷᠨᠢᠭᠦᠯᠵᠦ᠂ ᠳᠠᠭᠠᠭᠠᠴᠠ ᠶᠢᠨ ᠬᠠᠮᠢᠶᠠᠷᠤᠯᠲᠠ ᠡᠵᠡᠮᠳᠡᠯᠲᠡ ᠶᠢᠨ ᠪᠠᠶᠢᠳᠠᠯ ᠳᠤ ᠤᠴᠠᠷᠠᠪᠠᠯ᠂ ᠤᠯᠠᠨ ᠲᠦᠮᠡᠨ ᠳᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠨᠠᠵᠠᠭᠠᠢ ᠨᠦᠯᠦᠭᠡ ᠪᠠ ᠪᠠᠶᠢᠳᠠᠯ ᠭᠠᠷᠬᠤ  ᠠᠴᠠ ᠵᠠᠶᠢᠯᠠᠰᠬᠢᠬᠤ ᠶᠢᠨ ᠬᠠᠮᠲᠤ ᠴᠠᠬᠢᠯᠭᠠᠨ ᠤ ᠬᠠᠩᠭᠠᠯᠭ᠎ᠠ ᠶᠢᠨ ᠰᠠᠯᠠᠭ᠎ᠠ ᠮᠦᠴᠢᠷ ᠲᠠᠢ ᠢᠳᠡᠪᠬᠢᠲᠡᠢ ᠬᠠᠮᠵᠢᠯᠴᠠᠨ ᠲᠦᠷ ᠴᠠᠭ ᠤᠨ ᠴᠠᠬᠢᠯᠭᠠᠨ ᠤ ᠡᠬᠢ ᠰᠤᠷᠪᠤᠯᠵᠢ ᠶᠢᠨ ᠪᠠᠶᠢᠭᠤᠯᠤᠯᠲᠠ ᠳᠤ ᠭᠠᠵᠠᠷ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃        ᠳᠦᠷᠪᠡ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠳᠠᠭᠠᠭᠠᠴᠠ ᠶᠢᠨ ᠬᠠᠮᠢᠶᠠᠷᠤᠯᠲᠠ ᠶᠢᠨ ᠰᠢᠰᠲ᠋ᠧᠮ  ᠤᠨ ᠱᠠᠭᠠᠷᠳᠠᠯᠭ᠎ᠠ ᠶᠤᠰᠤᠭᠠᠷ᠂  ︽ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠲᠠᠯᠪᠢᠵᠤ᠂  ᠡᠮᠬᠢ ᠴᠡᠭᠴᠡ  ᠲᠠᠢ ᠪᠠᠷ ᠴᠠᠬᠢᠯᠭᠠᠨ ᠬᠡᠷᠡᠭᠯᠡᠵᠦ ᠳᠤᠤᠷ᠎ᠠ ᠵᠠᠬ᠎ᠠ ᠶᠢ ᠪᠠᠲᠤᠯᠠᠨ᠂  ᠴᠠᠬᠢᠯᠭᠠᠨ ᠠᠷᠪᠢᠯᠠᠬᠤ ᠳᠤ ᠬᠦᠴᠦᠨ ᠨᠡᠮᠡᠷᠢᠯᠡᠬᠦ︾ ᠵᠠᠷᠴᠢᠮ ᠢ ᠪᠠᠷᠢᠮᠲᠠᠯᠠᠵᠤ᠂  ᠬᠤᠯᠪᠤᠭᠳᠠᠯ ᠪᠦᠬᠦᠢ ᠳᠠᠭᠠᠭᠠᠴᠠ ᠶᠢᠨ ᠬᠠᠮᠢᠶᠠᠷᠤᠯᠲᠠ ᠶᠢᠨ ᠬᠤᠭᠤᠴᠠᠭᠠᠨ ᠤ ᠠᠵᠤ ᠠᠬᠤᠶᠢᠯᠠᠯ ᠤᠨ ᠬᠡᠷᠡᠭᠯᠡᠭᠴᠢᠳ ᠢᠳᠡᠪᠬᠢᠲᠡᠢ ᠬᠠᠮᠵᠢᠯᠴᠠᠵᠤ᠂  ᠳᠠᠭᠠᠭᠠᠴᠠ ᠶᠢᠨ ᠬᠠᠮᠢᠶᠠᠷᠤᠯᠲᠠ ᠶᠢᠨ ᠶᠠᠪᠤᠴᠠ ᠳᠠᠬᠢ ᠡᠯ᠎ᠡ ᠲᠦᠷᠦᠯ ᠤᠨ ᠠᠵᠢᠯ ᠢ ᠰᠠᠶᠢᠲᠤᠷ ᠬᠢᠵᠦ᠂  ᠬᠤᠩᠱᠠᠨ ᠲᠤᠭᠤᠷᠢᠭ ᠤᠨ ᠴᠠᠬᠢᠯᠭᠠᠨ ᠬᠦᠴᠦᠨ ᠤ ᠬᠠᠩᠭᠠᠯᠭ᠎ᠠ  ᠶᠢᠨ ᠲᠤᠭᠲᠠᠭᠤᠨ ᠡᠮᠬᠢ ᠴᠡᠭᠴᠡ ᠲᠠᠢ ᠰᠠᠶᠢᠨ ᠰᠠᠶᠢᠬᠠᠨ ᠪᠠᠶᠢᠳᠠᠯ ᠢ ᠬᠠᠮᠲᠤᠪᠡᠷ ᠪᠦᠲᠦᠭᠡᠨ ᠪᠠᠶᠢᠭᠤᠯᠬᠤ ᠬᠡᠷᠡᠭᠲᠡᠢ᠃                                         2023 ᠤᠨ ᠤ 7  ᠰᠠᠷ᠎ᠠ ᠶᠢᠨ 10 ᠤ ᠡᠳᠦᠷ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ᠄  ︽ᠴᠠᠬᠢᠯᠭᠠᠨ ᠬᠡᠷᠡᠭᠰᠡᠬᠦ ᠣᠷᠭᠢᠯ ᠤᠨ ᠬᠤᠭᠤᠴᠠᠭᠠᠨ  ᠳᠤ ᠣᠷᠭᠢᠯ ᠢ ᠵᠦᠷᠢᠭᠦᠯᠦᠨ ᠴᠠᠬᠢᠯᠭᠠᠨ ᠬᠡᠷᠡᠭᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾  ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号