ᠬᠤᠩᠱᠠᠨ ᠲᠣᠭᠤᠷᠢᠭ ᠤᠨ 12345 ᠬᠠᠯᠠᠮᠰᠢᠯ ᠤᠲᠠᠰᠤ ᠪᠠᠷ ᠪᠣᠯᠵᠤᠨ ᠶᠠᠷᠢᠯᠴᠠᠬᠤ ᠳᠦᠷᠢᠮ ︵ᠲᠤᠷᠰᠢᠨ ᠬᠡᠷᠡᠭᠯᠡᠬᠦ︶  ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/22
       ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤᠨ ᠤ ᠰᠢᠯᠭᠠᠨ ᠪᠠᠶᠢᠴᠠᠭᠠᠵᠤ ᠦᠨᠡᠯᠡᠬᠦ ᠦᠷ᠎ᠡ ᠳ᠋ᠦᠩ ᠤᠨ ᠬᠦᠲᠦᠯᠦᠨ ᠵᠢᠯᠤᠭᠤᠳᠬᠤ᠂ ᠵᠤᠷᠢᠭᠵᠢᠭᠤᠯᠬᠤ ᠪᠠ ᠬᠢᠵᠠᠭᠠᠷᠯᠠᠬᠤ ᠦᠢᠯᠡᠳᠦᠯ ᠢ ᠴᠢᠩᠭᠠᠳᠬᠠᠬᠤ᠂  ᠬᠠᠯᠠᠮᠰᠢᠯ  ᠤᠲᠠᠰᠤᠨ ᠤ ᠡᠯ᠎ᠡ ᠳᠠᠭᠠᠭᠠᠴᠢᠯᠠᠨ ᠡᠷᠬᠢᠯᠡᠭᠰᠡᠨ ᠨᠢᠭᠡᠴᠡ ᠠᠵᠤ ᠠᠬᠤᠶᠢᠯᠠᠯ ᠣᠯᠠᠨ ᠲᠥᠮᠡᠨ ᠤ ᠪᠠᠴᠢᠮ ᠬᠦᠴᠢᠷ ᠲᠥᠪᠡᠭᠲᠡᠢ᠂ ᠰᠠᠨᠠᠭᠠᠰᠢᠷᠠᠵᠤ ᠪᠠᠶᠢᠭ᠎ᠠ᠂ ᠬᠦᠰᠡᠨ ᠡᠷᠡᠮᠡᠯᠵᠡᠵᠦ ᠪᠠᠶᠢᠭ᠎ᠠ ᠠᠰᠠᠭᠤᠳᠠᠯ ᠢ ᠰᠡᠳᠬᠢᠯ ᠭᠠᠷᠭᠠᠵᠤ ᠬᠦᠴᠦ ᠣᠷᠤᠭᠤᠯᠤᠨ ᠬᠠᠯᠠᠭᠤᠮᠰᠤᠭ ᠢᠶᠠᠷ ᠰᠠᠶᠢᠲᠤᠷ ᠰᠢᠢᠳᠪᠦᠷᠢᠯᠡᠵᠦ᠂  ︽ᠠᠯᠢᠪᠠ ᠳᠤ ᠤᠯᠠᠨ ᠲᠥᠮᠡᠨ ᠢᠶᠠᠷ ᠲᠦᠪ ᠪᠣᠯᠭᠠᠬᠤ︾ ᠬᠦᠭᠵᠢᠯᠲᠡ ᠶᠢᠨ ᠤᠶᠢᠯᠠᠭᠠᠭᠳᠠᠬᠤᠨ ᠢ ᠪᠤᠳᠠᠲᠤ ᠠᠵᠢᠯᠯᠠᠭ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠠᠷᠠᠯᠵᠢᠶ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠭᠦᠯᠬᠦ ᠠᠵᠢᠯ   ᠢ ᠯᠠᠪᠳᠠᠭᠤᠨ ᠪᠠᠲᠤᠲᠠᠢ ᠠᠬᠢᠭᠤᠯᠵᠤ᠂  ᠦᠷᠭᠦᠯᠵᠢᠯᠡᠭᠦᠯᠦᠨ ᠰᠢᠯᠢᠳᠡᠭᠵᠢᠭᠦᠯᠬᠦ ᠶᠢᠨ ᠲᠥᠯᠦᠭᠡ᠂  ᠲᠤᠭᠤᠷᠢᠭ ᠤᠨ ᠵᠠᠰᠠᠭ ᠤᠨ ᠣᠷᠳᠤᠨ ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ 12345  ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤ ᠪᠠᠷ ᠪᠣᠯᠵᠤᠨ ᠶᠠᠷᠢᠯᠴᠠᠬᠤ ᠳᠦᠷᠢᠮ ︵ᠲᠤᠷᠰᠢᠨ ᠬᠡᠷᠡᠭᠯᠡᠬᠦ︶︾   ᠢ ᠬᠡᠪᠯᠡᠨ ᠲᠠᠷᠬᠠᠭᠠᠪᠠ᠃        ᠨᠢᠭᠡ᠂  ᠲᠤᠭᠲᠠᠭᠠᠭᠰᠠᠨ ᠠᠬᠤᠢ ᠪᠠᠶᠢᠳᠠᠯ        ᠠᠷᠠᠯᠵᠢᠶ᠎ᠠ ᠡᠵᠡᠩᠨᠡᠯᠲᠡ ᠶᠢᠨ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ᠂  12345  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠵᠢᠯᠯᠠᠭ᠎ᠠ ᠶᠢ ᠳᠦᠷᠢᠮᠵᠢᠭᠦᠯᠬᠦ ᠪᠠᠷᠢᠮᠵᠢᠶᠠᠵᠢᠭᠤᠯᠬᠤ ᠶᠢ ᠠᠬᠢᠭᠤᠯᠵᠤ᠂  ᠤᠯᠠᠨ ᠲᠦᠮᠡᠨ ᠳᠤ ᠨᠡᠩ ᠰᠢᠯᠢᠳᠡᠭ ᠴᠢᠨᠠᠷ ᠰᠠᠶᠢᠲᠠᠢ ᠳᠦᠭᠦᠮ ᠲᠦᠳᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ ᠲᠥᠯᠦᠭᠡ᠂  ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ ᠤᠷᠢᠳ ᠬᠤᠵᠢᠳ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ 12345  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤ ᠪᠠᠷ ᠪᠣᠯᠵᠤᠨ ᠶᠠᠷᠢᠯᠴᠠᠬᠤ ᠳᠦᠷᠢᠮ ︵ᠲᠤᠷᠰᠢᠨ ᠬᠡᠷᠡᠭᠯᠡᠬᠦ︶︾  ︽ᠤᠯᠠᠭᠠᠨᠬᠠᠳᠠ ᠬᠤᠲᠠ  ᠶᠢᠨ 12345  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ︽ᠤᠯᠠᠭᠠᠨᠬᠠᠳᠠ ᠬᠤᠲᠠ ᠶᠢᠨ 12345  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤ ᠪᠠᠷ ᠪᠣᠯᠵᠤᠨ ᠶᠠᠷᠢᠯᠴᠠᠬᠤ ᠳᠦᠷᠢᠮ ︵ᠲᠤᠷᠰᠢᠨ ᠬᠡᠷᠡᠭᠯᠡᠬᠦ︶︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠪᠡ᠂  ᠳᠡᠭᠡᠷ᠎ᠡ ᠱᠠᠲᠤᠨ ᠤ ᠰᠠᠯᠠᠭ᠎ᠠ ᠮᠦᠴᠢᠷ ᠤᠨ ᠠᠵᠢᠯ ᠤᠨ ᠱᠠᠭᠠᠷᠳᠠᠯᠭ᠎ᠠ ᠪᠠ ᠬᠤᠩᠱᠠᠨ ᠲᠣᠭᠤᠷᠢᠭ ᠤᠨ ᠪᠤᠳᠠᠲᠠᠢ ᠲᠠᠢ ᠤᠶᠠᠯᠳᠤᠭᠤᠯᠤᠨ᠂  ᠬᠤᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤ ᠪᠠᠷ ᠪᠣᠯᠵᠤᠨ ᠶᠠᠷᠢᠯᠴᠠᠬᠤ ᠳᠦᠷᠢᠮ ︵ᠲᠤᠷᠰᠢᠨ ᠬᠡᠷᠡᠭᠯᠡᠬᠦ︶︾   ᠢ ᠲᠤᠭᠲᠠᠭᠠᠪᠠ᠃ ᠲᠤᠭᠤᠷᠢᠭ ᠤᠨ ᠵᠠᠰᠠᠭ ᠤᠨ ᠣᠷᠳᠤᠨ ᠤ ᠨᠠᠮ ᠤᠨ ᠳᠤᠭᠤᠶᠢᠯᠠᠩ ᠤᠨ ᠬᠤᠷᠠᠯ ᠢᠶᠠᠷ ᠬᠢᠨᠠᠵᠤ ᠵᠦᠪᠯᠡᠨ ᠪᠠᠲᠤᠯᠠᠵᠤ ᠨᠡᠶᠢᠲᠡᠯᠡᠪᠡ᠂  ᠡᠳᠦᠭᠡ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠳᠤᠤᠷ᠎ᠠ ᠨᠡᠶᠢᠲᠡᠯᠡᠶ᠎ᠡ᠃        ᠬᠤᠶᠠᠷ᠂  ᠪᠣᠯᠵᠤᠨ ᠶᠠᠷᠢᠯᠴᠠᠬᠤ ᠡᠲᠡᠭᠡᠳ᠄  ᠲᠣᠭᠤᠷᠢᠭ ᠤᠨ ᠲᠤᠰ ᠱᠠᠲᠤᠨ ᠤ 12345  ᠬᠠᠯᠠᠮᠰᠢᠯ ᠤᠲᠠᠰᠤᠨ ᠤ ᠡᠯ᠎ᠡ ᠳᠠᠭᠠᠭᠠᠴᠢᠯᠠᠨ ᠡᠷᠬᠢᠯᠡᠭᠰᠡᠨ ᠨᠢᠭᠡᠴᠡ᠃        ᠭᠤᠷᠪᠠ᠂  ᠪᠣᠯᠵᠤᠨ ᠶᠠᠷᠢᠯᠴᠠᠬᠤ ᠠᠷᠭ᠎ᠠ ᠠᠪᠴᠠᠯ᠄  ᠦᠰᠦᠭ ᠪᠢᠴᠢᠭ ᠤᠨ ᠬᠡᠯᠪᠡᠷᠢ ᠪᠠᠷ ᠰᠠᠨᠠᠭᠤᠯᠬᠤ᠂  ᠱᠠᠪᠳᠠᠨ ᠪᠠᠶᠢᠴᠠᠭᠠᠵᠤ ᠪᠣᠯᠵᠤᠨ ᠶᠠᠷᠢᠯᠴᠠᠬᠤ᠂  ᠲᠤᠰᠬᠠᠢ ᠲᠦᠷᠦᠯ ᠢᠶᠠᠷ ᠪᠣᠯᠵᠤᠨ ᠶᠠᠷᠢᠯᠴᠠᠬᠤ᠃  ᠲᠤᠰ ᠰᠠᠷ᠎ᠠ  ᠶᠢᠨ ᠬᠢᠨᠠᠨ ᠪᠠᠶᠢᠴᠠᠭᠠᠯᠲᠠ ᠳᠤ ᠶᠡᠷᠦᠩᠬᠡᠢ ᠬᠤᠪᠢ ᠵᠢᠴᠢ ᠬᠠᠷᠢᠭᠤ ᠲᠤᠰᠬᠠᠯᠲᠠ ᠶᠢᠨ ᠨᠣᠷᠮ᠎ᠠ᠂  ᠰᠢᠢᠳᠪᠦᠷᠢᠯᠡᠯᠲᠡ  ᠶᠢᠨ ᠨᠣᠷᠮ᠎ᠠ᠂  ᠬᠠᠨᠤᠮᠵᠢ ᠶᠢᠨ ᠨᠣᠷᠮ᠎ᠠ ᠨᠢ ᠲᠤᠰᠪᠤᠷᠢ ᠲᠤᠭᠤᠷᠢᠭ ᠤᠨ ᠳᠤᠮᠳᠠᠴᠢ ᠲᠦᠪᠰᠢᠨ ᠠᠴᠠ ᠳᠤᠤᠷ᠎ᠠ ᠮᠦᠷᠲᠡᠭᠡᠨ ᠨᠡᠷᠡᠰ ᠤᠨ ᠵᠢᠭᠰᠠᠭᠠᠯᠲᠠ ᠨᠢ ᠬᠤᠶᠢᠭᠤᠷ ᠪᠠᠶᠢᠭ᠎ᠠ ᠳᠠᠭᠠᠭᠠᠴᠢᠯᠠᠨ ᠡᠷᠬᠢᠯᠡᠭᠰᠡᠨ ᠨᠢᠭᠡᠴᠡ ᠳᠤ ᠲᠤᠭᠤᠷᠢᠭ  ᠤᠨ 12345 ᠬᠠᠯᠠᠮᠰᠢᠯ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠦᠰᠦᠭ  ᠪᠢᠴᠢᠭ ᠤᠨ ᠬᠡᠯᠪᠡᠷᠢ ᠪᠠᠷ ᠰᠠᠨᠠᠭᠤᠯᠭ᠎ᠠ ᠦᠭᠭᠦᠨ᠎ᠡ᠃ ᠦᠷᠭᠦᠯᠵᠢᠯᠡᠨ  2  ᠰᠠᠷ᠎ᠠ ᠬᠢᠨᠠᠨ ᠪᠠᠶᠢᠴᠠᠭᠠᠯᠲᠠ ᠶᠢᠨ ᠶᠡᠷᠦᠩᠬᠡᠢ ᠬᠤᠪᠢ ᠵᠢᠴᠢ ᠬᠠᠷᠢᠭᠤ ᠲᠤᠰᠬᠠᠯᠲᠠ ᠶᠢᠨ ᠨᠣᠷᠮ᠎ᠠ᠂ ᠰᠢᠢᠳᠪᠦᠷᠢᠯᠡᠯᠲᠡ ᠶᠢᠨ ᠨᠣᠷᠮ᠎ᠠ᠂ ᠬᠠᠨᠤᠮᠵᠢ ᠶᠢᠨ ᠨᠣᠷᠮ᠎ᠠ ᠤᠨ ᠵᠢᠭᠰᠠᠭᠠᠯᠲᠠ ᠨᠢ ᠰᠡᠭᠦᠯ ᠤᠨ ᠭᠤᠷᠪᠠ ᠳᠤ ᠪᠠᠶᠢᠭ᠎ᠠ ᠳᠠᠭᠠᠭᠠᠴᠢᠯᠠᠨ ᠡᠷᠬᠢᠯᠡᠭᠰᠡᠨ ᠨᠢᠭᠡᠴᠡ ᠶᠢ ᠲᠤᠭᠤᠷᠢᠭ ᠤᠨ 12345  ᠬᠠᠯᠠᠮᠰᠢᠯ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠱᠠᠪᠳᠠᠨ ᠪᠠᠶᠢᠴᠠᠭᠠᠵᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠢ ᠪᠣᠯᠵᠤᠨ ᠶᠠᠷᠢᠯᠴᠠᠨ᠎ᠠ᠃  ᠦᠷᠭᠦᠯᠵᠢᠯᠡᠨ 3 ᠰᠠᠷ᠎ᠠ ᠬᠢᠨᠠᠨ ᠪᠠᠶᠢᠴᠠᠭᠠᠯᠲᠠ ᠶᠢᠨ ᠶᠡᠷᠦᠩᠬᠡᠢ ᠬᠤᠪᠢ ᠵᠢᠴᠢ ᠬᠠᠷᠢᠭᠤ ᠲᠤᠰᠬᠠᠯᠲᠠ ᠶᠢᠨ ᠨᠣᠷᠮ᠎ᠠ᠂ ᠰᠢᠢᠳᠪᠦᠷᠢᠯᠡᠯᠲᠡ ᠶᠢᠨ ᠨᠣᠷᠮ᠎ᠠ᠂ ᠬᠠᠨᠤᠮᠵᠢ ᠶᠢᠨ ᠨᠣᠷᠮ᠎ᠠ ᠤᠨ ᠵᠢᠭᠰᠠᠭᠠᠯᠲᠠ ᠨᠢ ᠰᠡᠭᠦᠯ ᠤᠨ ᠭᠤᠷᠪᠠ ᠳᠤ ᠪᠠᠶᠢᠭ᠎ᠠ ᠳᠠᠭᠠᠭᠠᠴᠢᠯᠠᠨ ᠡᠷᠬᠢᠯᠡᠭᠰᠡᠨ ᠨᠢᠭᠡᠴᠡ ᠶᠢ ᠲᠤᠭᠤᠷᠢᠭ ᠤᠨ 12345  ᠬᠠᠯᠠᠮᠰᠢᠯ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ  ᠭᠤᠤᠯ ᠬᠠᠷᠢᠭᠤᠴᠠᠯᠭᠠᠲᠠᠨ ᠢ ᠲᠤᠰᠬᠠᠢ ᠲᠦᠷᠦᠯ ᠢᠶᠠᠷ ᠪᠤᠯᠵᠤᠨ ᠶᠠᠷᠢᠯᠴᠠᠨ᠎ᠠ᠃        ᠳᠦᠷᠪᠡ᠂  ᠪᠣᠯᠵᠤᠨ ᠶᠠᠷᠢᠯᠴᠠᠬᠤ ᠠᠭᠤᠯᠭ᠎ᠠ᠄  ᠦᠰᠦᠭ ᠪᠢᠴᠢᠭ ᠤᠨ ᠬᠡᠯᠪᠡᠷᠢ ᠪᠠᠷ ᠰᠠᠨᠠᠭᠤᠯᠬᠤ ᠪᠠ ᠱᠠᠪᠳᠠᠨ ᠪᠠᠶᠢᠴᠠᠭᠠᠵᠤ ᠪᠣᠯᠵᠤᠨ ᠶᠠᠷᠢᠯᠴᠠᠬᠤ ᠠᠭᠤᠯᠭ᠎ᠠ ᠨᠢ ᠭᠤᠣᠯᠳᠠᠭᠤ 12345  ᠬᠠᠯᠠᠮᠰᠢᠯ ᠤᠲᠠᠰᠤᠨ ᠤ ᠳᠠᠭᠠᠭᠠᠴᠢᠯᠠᠨ ᠡᠷᠬᠢᠯᠡᠭᠰᠡᠨ ᠨᠢᠭᠡᠴᠡ ᠤᠶᠢᠷ᠎ᠠ ᠶᠢᠨ ᠬᠤᠭᠤᠴᠠᠭᠠᠨ ᠤ ᠰᠠᠷ᠎ᠠ ᠪᠦᠷᠢ ᠶᠢᠨ ᠬᠢᠨᠠᠨ ᠪᠠᠶᠢᠴᠠᠭᠠᠯᠲᠠ ᠶᠢᠨ ᠬᠤᠪᠢ ᠵᠢᠴᠢ ᠡᠯ᠎ᠡ ᠲᠦᠷᠦᠯ ᠤᠨ ᠵᠢᠭᠠᠯᠲᠠ ᠲᠤᠭ᠎ᠠ ᠶᠢᠨ ᠪᠠᠶᠢᠳᠠᠯ᠃  ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ 12345  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ᠪᠠ 12345  ᠬᠠᠯᠠᠮᠰᠢᠯ ᠤᠲᠠᠰᠤᠨ ᠤ ᠠᠵᠢᠯ  ᠢ ᠰᠢᠢᠳᠪᠦᠷᠢᠯᠡᠬᠦ ᠶᠠᠪᠤᠴᠠ ᠳᠤ ᠤᠷᠤᠰᠢᠵᠤ ᠪᠠᠶᠢᠭ᠎ᠠ ᠠᠰᠠᠭᠤᠳᠠᠯ᠃ ᠲᠤᠰ ᠨᠢᠭᠡᠴᠡ ᠶᠢᠨ ᠤᠷᠲᠤ ᠬᠤᠭᠤᠴᠠᠭᠠᠨ ᠤ ᠲᠤᠷᠰᠢ ᠰᠢᠢᠳᠪᠦᠷᠢᠯᠡᠭᠡ ᠦᠭᠡᠢ᠂ ᠠᠵᠤ ᠠᠬᠤᠶᠢᠯᠠᠯ ᠤᠯᠠᠨ ᠲᠥᠮᠡᠨ ᠬᠠᠨᠤᠮᠵᠢ ᠦᠭᠡᠢ᠂ ᠡᠷᠭᠦᠳᠡᠯ ᠭᠤᠶᠤᠴᠢᠯᠠᠯ ᠭᠠᠷᠭᠠᠵᠤ ᠪᠠᠶᠢᠭ᠎ᠠ ᠪᠠᠶᠢᠳᠠᠯ᠃ ᠮᠡᠳᠡᠯᠭᠡ ᠶᠢᠨ ᠬᠦᠮᠦᠷᠭᠡ ᠶᠢ ᠠᠵᠢᠯᠯᠠᠭᠤᠯᠤᠨ ᠬᠠᠮᠢᠶᠠᠷᠬᠤ᠂  ᠲᠤᠭᠲᠠᠴᠠ ᠳᠦᠷᠢᠮ  ᠤᠨ ᠪᠠᠶᠢᠭᠤᠯᠤᠯᠲᠠ ᠶᠢᠨ ᠪᠠᠶᠢᠳᠠᠯ ᠵᠡᠷᠭᠡ᠃ ᠲᠤᠰᠬᠠᠢ ᠲᠦᠷᠦᠯ ᠢᠶᠠᠷ ᠪᠣᠯᠵᠤᠨ ᠶᠠᠷᠢᠯᠴᠠᠬᠤ ᠠᠭᠤᠯᠭ᠎ᠠ ᠳᠤ ᠭᠤᠤᠯᠳᠠᠭᠤ 12345 ᠬᠠᠯᠠᠮᠰᠢᠯ ᠤᠲᠠᠰᠤᠨ ᠤ ᠳᠠᠭᠠᠭᠠᠴᠢᠯᠠᠨ ᠡᠷᠬᠢᠯᠡᠭᠰᠡᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠤ 12345  ᠬᠠᠯᠠᠮᠰᠢᠯ ᠤᠲᠠᠰᠤᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂  12345  ᠬᠠᠯᠠᠮᠰᠢᠯ ᠤᠲᠠᠰᠤᠨ ᠤ ᠠᠵᠢᠯ ᠢ ᠵᠤᠬᠢᠶᠠᠨ ᠪᠠᠶᠢᠭᠤᠯᠵᠤ ᠤᠳᠤᠷᠢᠳᠬᠤ  ᠶᠢ ᠴᠢᠩᠭᠠᠳᠬᠠᠬᠤ᠂  ᠵᠤᠬᠢᠴᠠᠭᠤᠯᠤᠨ ᠰᠢᠯᠢᠳᠡᠭᠵᠢᠭᠦᠯᠬᠦ ᠠᠵᠢᠯ ᠤᠨ ᠬᠦᠴᠦᠯᠡᠴᠡ ᠶᠢ ᠴᠢᠩᠭᠠᠳᠬᠠᠨ᠂  ᠭᠤᠶᠤᠴᠢᠯᠠᠯ ᠡᠷᠭᠦᠳᠡᠯ ᠢ ᠰᠢᠢᠳᠪᠦᠷᠢᠯᠡᠬᠦ ᠲᠤᠭᠲᠠᠴᠠ ᠶᠢ ᠲᠡᠭᠦᠯᠳᠡᠷᠵᠢᠭᠦᠯᠦᠨ᠂  ᠠᠵᠢᠯ ᠤᠨ ᠠᠯᠬᠤᠮ ᠳᠠᠷᠠᠭ᠎ᠠ ᠶᠢ ᠳᠦᠷᠢᠮᠵᠢᠭᠦᠯᠬᠦ᠂  ᠠᠵᠤ ᠠᠬᠤᠶᠢᠯᠠᠯ ᠣᠯᠠᠨ ᠲᠥᠮᠡᠨ ᠤ ᠪᠠᠴᠢᠮ ᠬᠦᠴᠢᠷ ᠲᠦᠪᠡᠭᠲᠡᠢ ᠰᠠᠨᠠᠭᠠᠰᠢᠷᠠᠵᠤ ᠪᠠᠶᠢᠭ᠎ᠠ ᠬᠦᠰᠡᠨ ᠡᠷᠡᠮᠡᠯᠵᠡᠵᠦ ᠪᠠᠶᠢᠭ᠎ᠠ ᠠᠰᠠᠭᠤᠳᠠᠯ ᠢ ᠦᠨᠡᠨᠬᠦ  ᠰᠢᠢᠳᠪᠦᠷᠢᠯᠡᠵᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠦᠭᠰᠡᠨ ᠪᠠᠶᠢᠳᠠᠯ ᠵᠡᠷᠭᠡ᠃        ᠲᠠᠪᠤ᠂  ᠪᠤᠯᠵᠤᠨ ᠶᠠᠷᠢᠯᠴᠠᠬᠤ ᠱᠠᠭᠠᠷᠳᠠᠯᠭ᠎ᠠ᠄  ᠪᠤᠯᠵᠤᠨ ᠶᠠᠷᠢᠯᠴᠠᠬᠤ ᠡᠲᠡᠭᠡᠳ ᠡᠷᠬᠡᠪᠰᠢ ᠲᠤᠰ ᠨᠢᠭᠡᠴᠡ  ᠶᠢᠨ 12345 ᠬᠠᠯᠠᠮᠰᠢᠯ ᠤᠲᠠᠰᠤᠨ ᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠ ᠬᠠᠮᠢᠶ᠎ᠠ ᠪᠦᠬᠦᠢ ᠲᠤᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠪᠦᠬᠦ ᠲᠠᠯ᠎ᠠ ᠪᠠᠷ ᠵᠦᠪ ᠤᠨᠤᠪᠴᠢᠲᠠᠢ ᠲᠤᠰᠬᠠᠵᠤ᠂  ᠨᠢᠭᠤᠵᠤ ᠳᠠᠯᠳᠠᠯᠠᠵᠤ᠂  ᠨᠠᠵᠠᠭᠠᠢ ᠬᠠᠨᠳᠤᠵᠤ ᠡᠪᠯᠡᠭᠦᠯᠵᠦ ᠠᠷᠭᠠᠴᠠᠵᠤ᠂  ᠠᠰᠠᠭᠤᠳᠠᠯ ᠠᠴᠠ ᠵᠠᠶᠢᠯᠠᠵᠤ ᠪᠣᠯᠬᠤ ᠦᠭᠡᠢ᠃  ᠴᠡᠭᠴᠡᠯᠡᠨ ᠵᠠᠰᠠᠬᠤ ᠲᠦᠰᠦᠯ ᠢ ᠨᠠᠷᠢᠨ ᠬᠢᠨᠠᠮᠠᠭᠠᠢ ᠲᠤᠭᠲᠠᠭᠠᠨ᠂  ᠠᠰᠠᠭᠤᠳᠠᠯ ᠤᠨ ᠨᠠᠷᠢᠨ ᠳᠠᠩᠰᠠ᠂  ᠡᠭᠦᠷᠭᠡ  ᠶᠢᠨ ᠨᠠᠷᠢᠨ ᠳᠠᠩᠰᠠ᠂  ᠬᠠᠷᠢᠭᠤᠴᠠᠯᠭ᠎ᠠ ᠶᠢᠨ ᠨᠠᠷᠢᠨ ᠳᠠᠩᠰᠠ ᠭᠠᠷᠭᠠᠵᠤ᠂  ᠪᠤᠯᠵᠤᠨ ᠶᠠᠷᠢᠯᠴᠠᠭᠰᠠᠨ ᠤ ᠳᠠᠷᠠᠭᠠᠬᠢ 5 ᠡᠳᠦᠷ ᠤᠨ ᠲᠤᠲᠤᠷ᠎ᠠ᠂  ᠲᠤᠭᠤᠷᠢᠭ ᠤᠨ 12345 ᠬᠠᠯᠠᠮᠰᠢᠯ ᠤᠲᠠᠰᠤᠨ ᠤ ᠠᠯᠪᠠᠨ ᠭᠡᠷ ᠲᠤ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂  ᠠᠷᠭ᠎ᠠ ᠠᠪᠴᠠᠯ ᠪᠠ ᠳᠠᠷᠠᠭ᠎ᠠ ᠠᠯᠬᠤᠮ ᠤᠨ ᠠᠵᠢᠯ ᠤᠨ ᠲᠥᠯᠦᠪᠯᠡᠭᠡ ᠪᠠᠨ ᠬᠠᠷᠢᠭᠤ ᠲᠤᠰᠬᠠᠬᠤ ᠬᠡᠷᠡᠭᠲᠡᠢ᠃        ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ  ᠤᠨ ᠵᠠᠰᠠᠭ ᠤᠨ ᠣᠷᠳᠤᠨ ᠤ ︽ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤ ᠪᠠᠷ ᠪᠣᠯᠵᠤᠨ ᠶᠠᠷᠢᠯᠴᠠᠬᠤ ᠳᠦᠷᠢᠮ ︵ᠲᠤᠷᠰᠢᠨ ᠬᠡᠷᠡᠭᠯᠡᠬᠦ︶︾ ᠲᠤᠬᠠᠢ ᠮᠡᠳᠡᠭᠳᠡᠯ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号