ᠲᠠᠷᠢᠶᠠᠴᠢᠨ ᠠᠵᠢᠯᠴᠢᠨ ᠤ ᠴᠠᠯᠢᠩ ᠤᠨ ᠲᠤᠰᠬᠠᠢ ᠳᠠᠩᠰᠠᠨ ᠡᠷᠦᠬᠡ ᠵᠢᠴᠢ ᠪᠠᠲᠤᠯᠠᠭᠠᠨ ᠤ ᠮᠦᠩᠭᠦ ᠶᠢ ᠦᠭᠡᠶᠢᠰᠬᠡᠬᠦ ᠬᠢᠨᠠᠨ ᠬᠠᠮᠢᠶᠠᠷᠤᠯᠲᠠ ᠶᠢᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/1/5
       ᠤᠯᠠᠭᠠᠨᠬᠠᠳᠠ ᠶᠢᠨ ᠴᠢᠶᠠᠨ ᠶᠤᠸᠠᠨ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠤᠮᠫᠠᠨᠢ ᠤᠨ ᠬᠤᠩᠱᠠᠨ ᠲᠤᠭᠤᠷᠢᠭ ᠲᠠᠬᠢ ᠶᠡᠷᠦᠩᠬᠡᠶᠢᠯᠡᠨ ᠳᠠᠭᠠᠭᠠᠴᠢᠯᠠᠭᠰᠠᠨ ᠢᠨᠵᠧᠨᠧᠷᠢᠩ ᠳᠠᠭᠤᠰᠴᠤ᠂ ᠡᠳᠦᠭᠡ ᠲᠤᠰ ᠺᠤᠮᠫᠠᠨᠢ ᠲᠠᠷᠢᠶᠠᠴᠢᠨ ᠠᠵᠢᠯᠴᠢᠨ ᠤ ᠴᠠᠯᠢᠩ ᠤᠨ ᠲᠤᠰᠬᠠᠢ ᠳᠠᠩᠰᠠᠨ ᠡᠷᠦᠬᠡ ᠵᠢᠴᠢ ᠪᠠᠲᠤᠯᠠᠭ᠎ᠠ ᠶᠢᠨ ᠮᠦᠩᠭᠦ ᠶᠢ ᠦᠭᠡᠶᠢᠰᠬᠡᠬᠦ ᠬᠢᠨᠠᠨ ᠬᠠᠮᠢᠶᠠᠷᠤᠯᠲᠠ ᠶᠢᠨ ᠡᠷᠡᠮᠡᠯᠵᠡᠯ ᠳᠤᠷᠠᠳᠪᠠ᠃        ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠣᠷᠤᠨ ᠰᠠᠭᠤᠴᠠ ᠪᠠ ᠬᠤᠲᠠ ᠬᠦᠳᠡᠭᠡ ᠶᠢᠨ ᠪᠠᠶᠢᠭᠤᠯᠤᠯᠲᠠ ᠶᠢᠨ ᠲᠢᠩᠬᠢᠮ   ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠬᠦᠳᠡᠯᠮᠦᠷᠢ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ   ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠨ ᠬᠠᠮᠢᠶᠠᠷᠤᠯᠲᠠ ᠶᠢᠨ ᠵᠦᠪᠯᠡᠯ   ᠦᠪᠦᠷ ᠮᠤᠩᠭᠤᠯ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠪᠠᠷᠢᠯᠭ᠎ᠠ ᠶᠢᠨ ᠠᠵᠢᠯᠲᠠᠨ ᠤ ᠵᠢᠩᠬᠢᠨᠢ ᠨᠡᠷ᠎ᠡ ᠪᠠᠷ ᠬᠠᠮᠢᠶᠠᠷᠬᠤ ᠳᠦᠷᠢᠮ ᠤᠨ ᠬᠠᠮᠢᠶ᠎ᠠ ᠪᠦᠬᠦᠢ ᠠᠵᠢᠯ ᠤᠨ ᠲᠤᠬᠠᠢ ᠮᠡᠳᠡᠭᠳᠡᠯ︾ ᠤᠨ ᠲᠤᠭᠲᠠᠭᠠᠯ ᠶᠤᠰᠤᠭᠠᠷ᠂  ᠡᠳᠦᠭᠡ ᠲᠤᠰ ᠺᠤᠮᠫᠠᠨᠢ ᠶᠢᠨ ᠡᠷᠡᠮᠡᠯᠵᠡᠯ ᠢ ᠬᠤᠩᠱᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠤᠨ ᠤ ᠠᠯᠪᠠᠨ ᠰᠦᠯᠵᠢᠶᠡᠨ ᠳᠤ ᠢᠯᠡ ᠨᠡᠶᠢᠲᠡᠯᠡᠶ᠎ᠡ᠃  ᠢᠯᠡ ᠨᠡᠶᠢᠲᠡᠯᠡᠬᠦ ᠬᠤᠭᠤᠴᠠᠭ᠎ᠠ ᠨᠢ 2024 ᠤᠨ ᠤ 1 ᠰᠠᠷ᠎ᠠ ᠶᠢᠨ 2 ᠠᠴᠠ 1 ᠰᠠᠷ᠎ᠠ ᠶᠢᠨ 16 ᠤ ᠡᠳᠦᠷ ᠪᠤᠯᠲᠠᠯ᠎ᠠ ᠨᠡᠶᠢᠲᠡ 15 ᠡᠳᠦᠷ᠃        ᠬᠡᠷᠪᠡ ᠲᠤᠰ ᠺᠣᠮᠫᠠᠨᠢ ᠪᠠᠷᠢᠯᠭ᠎ᠠ ᠶᠢᠨ ᠶᠠᠪᠤᠴᠠ ᠳᠤ ᠴᠠᠯᠢᠩ ᠦᠷᠢᠲᠦᠭᠰᠡᠨ ᠪᠤᠯ᠂ ᠢᠯᠡ ᠨᠡᠶᠢᠲᠡᠯᠡᠬᠦ ᠬᠤᠭᠤᠴᠠᠭᠠᠨ ᠳᠤ ᠬᠤᠩᠱᠠᠨ ᠲᠣᠭᠤᠷᠢᠭ ᠤᠨ ᠬᠦᠳᠡᠯᠮᠦᠷᠢ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠵᠠᠭᠠᠯᠳᠤᠬᠤ ᠪᠤᠶᠤ ᠭᠤᠮᠤᠳᠠᠯ ᠲᠤᠭᠠᠴᠢᠵᠤ ᠪᠣᠯᠤᠨ᠎ᠠ᠃        ᠢᠯᠡᠴᠢᠯᠡᠨ ᠮᠡᠳᠡᠭᠦᠯᠬᠦ ᠤᠲᠠᠰᠤ᠄ 0476 - 8891068        ᠬᠡᠷᠪᠡ ᠢᠯᠡ ᠨᠡᠶᠢᠲᠡᠯᠡᠬᠦ ᠬᠤᠭᠤᠴᠠᠭᠠᠨ ᠳᠤ ᠴᠠᠯᠢᠩ ᠦᠷᠢᠲᠦᠭᠰᠡᠨ ᠢᠯᠡᠴᠢᠯᠡᠨ ᠮᠡᠳᠡᠭᠦᠯᠬᠦ ᠤᠲᠠᠰᠤ ᠪᠤᠶᠤ ᠵᠠᠭᠠᠯᠳᠤᠯᠭ᠎ᠠ ᠲᠤᠰᠬᠤ ᠦᠭᠡᠢ ᠪᠣᠯ ᠬᠤᠩᠱᠠᠨ ᠲᠣᠭᠤᠷᠢᠭ ᠤᠨ ᠬᠦᠳᠡᠯᠮᠦᠷᠢ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠢᠯᠡ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠲᠤᠰ ᠢᠨᠵᠧᠨᠧᠷᠢᠩ ᠤᠨ ᠲᠦᠷᠦᠯ ᠵᠦᠢᠯ ᠤᠨ ᠲᠠᠷᠢᠶᠠᠴᠢᠨ ᠠᠵᠢᠯᠴᠢᠨ ᠤ ᠴᠠᠯᠢᠩ ᠤᠨ ᠲᠤᠰᠬᠠᠢ ᠳᠠᠩᠰᠠᠨ ᠡᠷᠦᠬᠡ ᠵᠢᠴᠢ ᠪᠠᠲᠤᠯᠠᠭ᠎ᠠ ᠶᠢᠨ ᠮᠦᠩᠭᠦ ᠶᠢᠨ ᠬᠢᠨᠠᠨ ᠬᠠᠮᠢᠶᠠᠷᠤᠯᠲᠠ ᠶᠢ ᠦᠭᠡᠶᠢᠰᠬᠡᠬᠦ ᠪᠣᠯᠤᠨ᠎ᠠ᠃ ᠣᠨᠴᠠᠭᠠᠶᠢᠯᠠᠨ ᠢᠯᠡ ᠨᠡᠶᠢᠲᠡᠯᠡᠪᠡ                  ᠬᠤᠩᠱᠠᠨ ᠲᠤᠭᠤᠷᠢᠭ ᠤᠨ ᠬᠦᠳᠡᠯᠮᠦᠷᠢ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ                                      2024 ᠤᠨ ᠤ 1 ᠰᠠᠷ᠎ᠠ ᠶᠢᠨ 2 ᠤ ᠡᠳᠦᠷ
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号