ᠬᠤᠩᠱᠠᠨ ᠲᠣᠭᠤᠷᠢᠭ ︽ᠦᠨᠳᠦᠷ ᠥᠷ᠎ᠡ ᠪᠦᠲᠦᠮᠵᠢᠲᠠᠢ ᠠᠵᠢᠯᠯᠠᠬᠤ ᠰᠢᠢᠳᠪᠦᠷᠢᠯᠡᠬᠦ︾  ᠶᠢ ᠠᠬᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/11/29
       ᠨᠢᠭᠡ  ︽ᠤᠷᠢᠳᠴᠢᠯᠠᠨ︾ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ︽ᠥᠨᠳᠥᠷ ᠥᠷ᠎ᠡ ᠪᠦᠲᠦᠮᠵᠢᠲᠠᠢ ᠠᠵᠢᠯᠯᠠᠬᠤ ᠰᠢᠢᠳᠪᠦᠷᠢᠯᠡᠬᠦ︾ ᠠᠵᠢᠯᠯᠠᠭᠠᠨ ᠤ ᠲᠥᠰᠦᠯ ᠢ ᠨᠠᠶᠢᠳᠠᠪᠤᠷᠢᠵᠢᠭᠤᠯᠤᠨ᠂  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠤ ᠰᠢᠰᠲ᠋ᠧᠮ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠬᠦ ᠶᠢᠨ ᠬᠠᠮᠲᠤ ᠬᠦᠯᠢᠶᠡᠨ ᠰᠢᠢᠳᠪᠦᠷᠢᠯᠡᠭᠰᠡᠨ ᠤᠴᠢᠷ ᠶᠠᠪᠤᠳᠠᠯ ᠢ ᠬᠢᠨᠠᠬᠤ ᠠᠵᠢᠯᠯᠠᠭᠠᠨ ᠦᠷᠨᠢᠭᠦᠯᠵᠦ᠂  ︽ᠥᠨᠳᠦᠷ ᠥᠷ᠎ᠡ ᠪᠦᠲᠦᠮᠵᠢᠲᠡᠢ ᠠᠵᠢᠯᠯᠠᠬᠤ ᠰᠢᠢᠳᠪᠦᠷᠢᠯᠡᠬᠦ︾ ᠶᠢ ᠪᠠᠲᠤᠯᠠᠵᠤ᠂ ᠭᠤᠣᠯᠳᠠᠯᠭ᠎ᠠ ᠲᠠᠢ ᠤᠴᠢᠷ ᠶᠠᠪᠤᠳᠠᠯ ᠢ ᠡᠷᠲᠡᠬᠡᠨ ᠨᠠᠶᠢᠳᠠᠪᠤᠷᠢᠵᠢᠭᠤᠯᠵᠤ᠂ ᠲᠥᠷᠦ ᠶᠢᠨ ᠪᠣᠳᠤᠯᠭ᠎ᠠ ᠶᠢᠨ ᠬᠠᠷᠠᠭᠠᠯᠵᠠᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠪᠠᠲᠤᠯᠠᠪᠠ᠃ ᠣᠳᠣ ᠪᠣᠯᠲᠠᠯ᠎ᠠ ᠬᠤᠩᠱᠠᠨ ᠲᠣᠭᠤᠷᠢᠭ ᠰᠦᠯᠵᠢᠶᠡᠨ ᠳᠤ ᠪᠠ ᠠᠬᠤᠢ ᠲᠠᠯᠠᠪᠠᠢ ᠳᠤ ᠨᠡᠶᠢᠲᠡ 20000 ᠭᠠᠷᠤᠢ ᠤᠴᠢᠷ ᠶᠠᠪᠤᠳᠠᠯ ᠢ ᠬᠦᠯᠢᠶᠡᠨ ᠰᠢᠢᠳᠪᠦᠷᠢᠯᠡᠪᠡ᠃        ᠬᠤᠶᠠᠷ  ︽ᠬᠠᠷᠢᠮᠠᠭ ᠴᠢᠨᠠᠷᠲᠠᠢ︾  ᠬᠥᠯᠢᠶᠡᠨ ᠰᠢᠢᠳᠪᠦᠷᠢᠯᠡᠪᠡ᠃ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠣᠷᠣᠨ ᠤ ᠤᠴᠢᠷ ᠶᠠᠪᠤᠳᠠᠯ ᠤᠨ ᠨᠠᠷᠢᠨ ᠳᠠᠩᠰᠠ ᠶᠢ ᠨᠡᠶᠢᠳᠬᠡᠨ᠂  ᠬᠢᠨᠠᠨ ᠵᠥᠪᠰᠢᠶᠡᠷᠡᠯ᠂ ᠲᠥᠷᠦ ᠶᠢᠨ ᠪᠣᠳᠤᠯᠭ᠎ᠠ᠂ ᠬᠠᠤᠯᠢ ᠴᠠᠭᠠᠵᠠ᠂ ᠮᠥᠩᠭᠦᠨ ᠭᠦᠢᠯᠭᠡᠭᠡ᠂ ᠴᠢᠳᠠᠪᠤᠷᠢᠲᠠᠨ ᠵᠡᠷᠭᠡ ᠠᠵᠤ ᠠᠬᠤᠶᠢᠯᠠᠯ ᠤᠨ ᠥᠨᠳᠥᠷ ᠳᠠᠪᠲᠠᠮᠵᠢᠲᠤ ᠬᠡᠷᠡᠭᠴᠡᠭᠡ ᠱᠠᠭᠠᠷᠳᠠᠯᠭ᠎ᠠ ᠶᠢ ᠲᠥᠪᠯᠡᠷᠡᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ ᠨᠡᠶᠢᠲᠡ ᠶᠢᠨ ᠦᠢᠯᠡᠴᠢᠯᠡᠭᠡ ᠪᠠ ᠵᠠᠬ᠎ᠠ ᠳᠡᠯᠭᠡᠭᠦᠷ ᠤᠨ ᠦᠢᠯᠡᠴᠢᠯᠡᠭᠡ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠣᠷᠣᠨ ᠤ ᠦᠢᠯᠡᠴᠢᠯᠡᠭᠡᠨ ᠤ ᠬᠥᠷᠢᠶ᠎ᠡ ᠬᠡᠪᠴᠢᠶᠡᠨ ᠳᠤ ᠣᠷᠣᠭᠤᠯᠬᠤ ᠶᠢᠨ ᠬᠠᠮᠲᠤ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠢ ᠠᠵᠢᠯᠲᠠᠨ ᠲᠣᠬᠢᠷᠠᠭᠤᠯᠵᠤ᠂ ᠨᠠᠷᠢᠯᠢᠭ ᠤᠨᠤᠪᠴᠢᠲᠠᠢ ᠵᠤᠯᠭᠠᠯᠴᠠᠭᠤᠯᠵᠤ᠂  ᠥᠨᠳᠦᠷ ᠥᠷ᠎ᠡ ᠠᠰᠢᠭᠲᠠᠢ ᠦᠢᠯᠡᠴᠢᠯᠡᠪᠡ᠃ ᠣᠳᠣ ᠪᠣᠯᠲᠠᠯ᠎ᠠ ᠨᠢᠭᠡᠨᠲᠡ ᠠᠵᠤ ᠠᠬᠤᠶᠢᠯᠠᠯ ᠳᠤ ᠬᠤᠯᠪᠤᠭᠳᠠᠭᠰᠠᠨ ᠠᠵᠢᠯᠲᠠᠨ ᠤ ᠶᠠᠪᠤᠳᠠᠯ ᠤᠨ ᠥᠭᠡᠷᠡᠴᠢᠯᠡᠯᠲᠡ᠂  ᠭᠠᠶᠢᠯᠢ ᠶᠢᠨ ᠶᠠᠪᠤᠳᠠᠯ ᠵᠡᠷᠭᠡ ᠬᠥᠷᠢᠶ᠎ᠡ ᠬᠡᠪᠴᠢᠶᠡᠨ ᠳᠤ 101  ᠣᠴᠢᠷ ᠶᠠᠪᠤᠳᠠᠯ ᠢ ᠦᠢᠯᠡᠴᠢᠯᠡᠭᠡᠨ ᠤ ᠨᠠᠷᠢᠨ ᠳᠠᠩᠰᠠᠨ ᠳᠤ ᠣᠷᠤᠭᠤᠯᠪᠠ᠃        ᠭᠤᠷᠪᠠ ︽ᠣᠨᠤᠴᠠᠲᠠᠢ︾ ᠤᠬᠠᠭᠤᠯᠪᠠ᠃  ᠡᠯ᠎ᠡ ᠱᠠᠲᠤ ᠡᠯ᠎ᠡ ᠳᠡᠰ ᠤᠨ ᠭᠤᠣᠯ ᠪᠣᠯᠬᠤ ᠰᠢᠨ᠎ᠡ ᠵᠠᠭᠤᠴᠢᠯᠠᠭᠤᠷ ᠲᠠᠢ ᠬᠠᠷᠢᠯᠴᠠᠵᠤ ᠨᠡᠪᠲᠡᠷᠡᠯᠴᠡᠬᠦ ᠪᠠᠨ ᠴᠢᠩᠭᠠᠳᠬᠠᠨ᠂  ︽ᠥᠨᠳᠦᠷ ᠪᠥᠲᠦᠮᠵᠢᠲᠡᠢ ᠠᠵᠢᠯᠯᠠᠬᠤ ᠰᠢᠢᠳᠪᠦᠷᠢᠯᠡᠬᠦ︾ ᠲᠥᠷᠦ ᠶᠢᠨ ᠪᠣᠳᠤᠯᠭ᠎ᠠ ᠶᠢ ᠤᠬᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂  ᠲᠥᠷᠦ ᠶᠢᠨ ᠪᠣᠳᠤᠯᠭ᠎ᠠ ᠶᠢᠨ ᠰᠤᠷᠠᠭ ᠵᠠᠩᠭᠢ ᠶᠢ ᠴᠠᠭ ᠲᠤᠬᠠᠢ ᠳᠤ ᠨᠢ ᠣᠯᠠᠨ ᠲᠥᠮᠡᠨ ᠳᠤ ᠬᠥᠷᠭᠡᠪᠡ᠃ ᠣᠳᠣ ᠪᠣᠯᠲᠠᠯ᠎ᠠ ︽ᠮᠢᠨᠦ ᠰᠢᠨ᠎ᠡ ᠬᠤᠩᠱᠠᠨ︾ ᠵᠠᠭᠤᠴᠢᠯᠠᠭᠤᠷ ᠲᠤ ᠬᠤᠷᠢᠨ ᠬᠤᠭᠤᠴᠠᠭᠠᠨ ᠤ ︽ᠥᠨᠳᠦᠷ ᠥᠷ᠎ᠡ ᠪᠥᠲᠦᠮᠵᠢᠲᠡᠢ ᠠᠵᠢᠯᠯᠠᠬᠤ ᠰᠢᠢᠳᠪᠦᠷᠢᠯᠡᠬᠦ︾ ᠲᠤᠬᠠᠢ ᠪᠤᠯᠤᠩ ᠢ ᠲᠠᠰᠤᠷᠠᠯᠲᠠ ᠦᠭᠡᠢ ᠰᠢᠨᠡᠴᠢᠯᠡᠨ ᠨᠡᠶᠢᠲᠡᠯᠡᠵᠦ᠂  ᠳᠤᠮᠳᠠᠴᠢ ᠪᠠᠷ ᠬᠤᠭᠤᠴᠠᠭ᠎ᠠ ᠪᠦᠷᠢ ᠶᠢᠨ ᠦᠵᠡᠭᠴᠢ ᠶᠢᠨ ᠲᠤᠭ᠎ᠠ 10000 ᠬᠦᠮᠦᠨ ᠤᠳᠠᠭ᠎ᠠ ᠶᠢ ᠳᠠᠪᠠᠪᠠ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号