ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠪᠦᠷᠢᠳᠬᠡᠯ ᠤᠨ | ᠲᠣᠪᠴᠢᠶ᠎ᠠ ︵2024 ᠣᠨ ᠤ 4 ᠰᠠᠷ᠎ᠠ ᠶᠢᠨ 10 ᠤ ᠡᠳᠦᠷ︶ | | | 2023 ᠣᠨ ᠳᠤ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠪᠠᠲᠤ | ᠤᠳᠤᠷᠢᠳᠤᠯᠭ᠎ᠠ ᠳᠤᠤᠷ᠎ᠠ ᠪᠦᠬᠦ ᠲᠣᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ | ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ | ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠦᠷ ᠮᠤᠩᠭᠤᠯ ᠳᠠᠬᠢ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠵᠢᠭᠤᠯᠬᠤ ᠪᠠᠷ ᠭᠤᠣᠯ ᠱᠣᠭᠤᠮ ᠪᠣᠯᠭᠠᠨ᠂ ︽ᠲᠠᠪᠤᠨ ᠶᠡᠭᠡ | ᠡᠭᠦᠷᠭᠡ︾ ᠶᠢ ᠲᠥᠪᠯᠡᠷᠡᠭᠦᠯᠵᠦ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠰᠠᠶᠢᠲᠤᠷ ᠬᠢᠵᠦ᠂ | ᠲᠤᠭᠲᠠᠭᠤᠨ ᠨᠡᠮᠡᠭᠳᠡᠭᠦᠯᠬᠦ᠂ ᠰᠠᠭᠤᠷᠢ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠶᠢ ᠡᠷᠡᠰ | ᠪᠠᠷᠢᠮᠲᠠᠯᠠᠵᠤ᠂ ᠪᠦᠬᠦ ᠲᠤᠭᠤᠷᠢᠭ ᠤᠨ ᠠᠵᠤ ᠠᠬᠤᠢ ᠶᠢᠨ ᠡᠷᠭᠢᠯᠲᠡ ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ | ᠡᠯ᠎ᠡ ᠲᠦᠷᠦᠯ ᠤᠨ ᠠᠵᠢᠯ ᠦᠢᠯᠡᠰ ᠪᠦᠬᠦ ᠲᠠᠯ᠎ᠠ ᠪᠠᠷ ᠠᠬᠢᠪᠠ᠃ | | | ᠨᠢᠭᠡ᠂ ᠶᠡᠷᠦᠩᠬᠡᠢ ᠪᠠᠶᠢᠳᠠᠯ | | | ᠠᠩᠬ᠎ᠠ ᠠᠯᠬᠤᠮ ᠤᠨ ᠬᠢᠨᠠᠨ ᠪᠤᠳᠤᠯᠲᠠ ᠪᠠᠷ 2023 ᠣᠨ ᠳᠤ ᠪᠦᠬᠦ ᠲᠣᠭᠤᠷᠢᠭ ᠤᠨ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠲᠡᠭ 362.7 ᠳ᠋ᠦᠩᠰᠢᠭᠤᠷ ᠲᠦᠭᠦᠷᠢᠭ ᠬᠦᠷᠴᠦ᠂ ᠳᠡᠭᠡᠷ᠎ᠡ ᠵᠢᠯ ᠠᠴᠠ 4. | 8% ᠨᠡᠮᠡᠭᠳᠡᠪᠡ᠃ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ 10.5ᠳ᠋ᠦᠩᠰᠢᠭᠤᠷ ᠲᠦᠭᠦᠷᠢᠭ | ᠂ ᠳᠡᠭᠡᠷ᠎ᠡ ᠵᠢᠯ ᠠᠴᠠ 5.3% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 146. | 1ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 4.8% ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ | ᠨᠡᠮᠡᠭᠳᠡᠯ ᠦᠷᠲᠡᠭ 206.1 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 4.7% ᠨᠡᠮᠡᠭᠳᠡᠪᠡ᠃ ᠭᠤᠷᠪᠠᠨ | ᠶᠡᠭᠡ ᠠᠵᠤ ᠦᠢᠯᠡᠰ ᠤᠨ ᠬᠠᠷᠢᠴᠠᠯ 2.9᠄ 40.3᠄ 56.8᠃ ᠬᠦᠮᠦᠨ ᠳᠤᠮᠳᠠᠴᠢ ᠶᠢᠨ ᠭᠠᠵᠠᠷ ᠤᠷᠤᠨ ᠤ | ᠦᠢᠯᠡᠳᠪᠦᠷᠢᠯᠡᠯ ᠤᠨ ᠦᠷᠲᠡᠭ 77161 ᠲᠦᠭᠦᠷᠢᠭ ᠬᠦᠷᠴᠦ᠂ ᠳᠡᠭᠡᠷ᠎ᠡ ᠵᠢᠯ ᠠᠴᠠ 4.8% ᠨᠡᠮᠡᠭᠳᠡᠪᠡ᠃ | | | | | | | | | | | | | | | | | | | | | | | | | | | | | ᠁ |