ᠥᠨᠥ ᠵᠢᠯ ᠠᠴᠠ ᠪᠦᠬᠦ ᠲᠣᠭᠤᠷᠢᠭ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠤᠩᠭᠤᠯ ᠳᠠᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠴᠤᠭᠴᠠᠯᠠᠬᠤ ᠪᠠᠷ ᠭᠤᠣᠯ ᠱᠣᠭᠤᠮ ᠪᠣᠯᠭᠠᠨ᠂ | ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ᠬᠤᠶᠠᠷ ᠶᠡᠭᠡ ᠤᠴᠢᠷ ᠢ ᠰᠠᠶᠢᠲᠤᠷ ᠬᠢᠵᠦ᠂ ︽ | ᠵᠢᠷᠭᠤᠭᠠᠨ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠵᠤ᠂ ᠣᠯᠠᠨ ᠠᠷᠭ᠎ᠠ ᠠᠪᠴᠠᠯ ᠢᠶᠠᠷ ᠳᠠᠪᠠᠭᠤᠯᠢᠭ ᠢᠶᠠᠨ | ᠪᠠᠳᠠᠷᠠᠭᠤᠯᠤᠨ ᠬᠦᠴᠢᠷᠳᠡᠯ ᠢ ᠰᠢᠢᠳᠪᠦᠷᠢᠯᠡᠵᠦ᠂ ᠡᠯ᠎ᠡ ᠲᠥᠷᠦᠯ ᠤᠨ ᠲᠥᠷᠦ ᠶᠢᠨ ᠪᠣᠳᠤᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠲᠠᠢ ᠠᠬᠢᠭᠤᠯᠤᠨ᠂ ᠪᠦᠬᠦ ᠲᠣᠭᠤᠷᠢᠭ ᠤᠨ ᠠᠵᠤ ᠠᠬᠤᠢ ᠶᠢ ᠲᠤᠭᠲᠠᠭᠤᠨ ᠡᠷᠭᠢᠯᠲᠡ | ᠲᠠᠢ᠂ ᠲᠤᠭᠲᠠᠭᠤᠨ ᠤ ᠳᠤᠮᠳᠠ ᠠᠬᠢᠯᠲᠠ ᠲᠠᠢ ᠪᠣᠯᠭᠠᠪᠠ᠃ | | | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠠᠬᠢᠭᠤᠯᠪᠠ | | | 1 - 10 ᠳ᠋ᠤᠭᠠᠷ ᠰᠠᠷ᠎ᠠ ᠳᠤ ᠪᠦᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 9.8% ᠨᠡᠮᠡᠭᠳᠡᠪᠡ᠃ ᠠᠵᠤ | ᠦᠢᠯᠡᠳᠪᠦᠷᠢ ᠶᠢᠨ ᠲᠥᠷᠦᠯ ᠠᠩᠭᠢᠯᠠᠯ ᠠᠴᠠ ᠦᠵᠡᠪᠡᠯ ᠦᠢᠯᠡᠳᠬᠦ ᠦᠢᠯᠡᠰ ᠤᠨ ᠨᠡᠮᠡᠭᠳᠡᠯ ᠦᠷᠲᠡᠭ ᠤᠨ ᠨᠡᠮᠡᠭᠳᠡᠯ | 12.5% ᠂ ᠴᠠᠬᠢᠯᠭᠠᠨ ᠬᠦᠴᠦ ᠢᠯᠴᠢ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠨᠡᠮᠡᠭᠳᠡᠯ ᠦᠷᠲᠡᠭ 6.7% ᠳᠤᠷᠤᠭᠰᠢᠯᠠᠪᠠ᠃ ᠲᠤᠯᠭᠠᠭᠤᠷᠢ ᠠᠵᠤ ᠦᠢᠯᠡᠰ ᠠᠴᠠ ᠦᠵᠡᠪᠡᠯ | ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠨᠡᠮᠡᠭᠳᠡᠯ ᠦᠷᠲᠡᠭ ᠤᠨ ᠨᠡᠮᠡᠭᠳᠡᠯ 18.4% ᠂ ᠬᠢᠮᠢ ᠶᠢᠨ ᠤᠭ | ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠭᠦᠨ ᠤ ᠦᠢᠯᠡᠳᠬᠦ ᠦᠢᠯᠡᠰ ᠤᠨ ᠨᠡᠮᠡᠭᠳᠡᠯ ᠦᠷᠲᠡᠭ ᠤᠨ ᠨᠡᠮᠡᠭᠳᠡᠯ 84.4% | ᠂ ᠬᠤᠶᠠᠷ ᠦᠢᠯᠡᠰ ᠤᠨ ᠬᠠᠮᠲᠤᠪᠡᠷ ᠠᠬᠢᠭᠤᠯᠤᠭᠰᠠᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ 12.3 ᠵᠠᠭᠤᠨ ᠤ ᠬᠤᠪᠢ ᠶᠢᠨ ᠴᠡᠭ᠃ ᠪᠦᠲᠦᠭᠡᠭᠳᠡᠭᠦᠨ ᠤ | ᠭᠠᠷᠤᠯᠲᠠ ᠶᠢᠨ ᠬᠡᠮᠵᠢᠶ᠎ᠡ ᠠᠴᠠ ᠦᠵᠡᠪᠡᠯ ᠬᠢᠮᠢ ᠶᠢᠨ ᠡᠮ ᠤᠨ ᠤᠭ ᠮᠠᠲ᠋ᠧᠷᠢᠶᠠᠯ 29.3% ᠨᠡᠮᠡᠭᠳᠡᠵᠦ᠂ | ᠪᠣᠯᠤᠳ ᠮᠠᠲ᠋ᠧᠷᠢᠶᠠᠯ 29.1% ᠂ ᠨᠤᠤᠰᠤ ᠨᠤᠤᠯᠤᠭᠤᠷ 9.9% ᠨᠡᠮᠡᠭᠳᠡᠨ᠂ ᠠᠷᠪᠠᠨ ᠲᠥᠷᠦᠯ ᠤᠨ | ᠦᠩᠭᠡᠲᠦ ᠲᠡᠮᠦᠷᠯᠢᠭ 8.8% ᠳᠤᠷᠤᠭᠰᠢᠯᠠᠪᠠ᠃ ᠠᠵᠤ ᠠᠬᠤᠢ ᠶᠢᠨ ᠥᠷ᠎ᠡ ᠠᠰᠢᠭ ᠠᠴᠠ ᠦᠵᠡᠪᠡᠯ᠂ 1 - 9 | ᠳ᠋ᠤᠭᠠᠷ ᠰᠠᠷ᠎ᠠ ᠳᠤ ᠪᠦᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠭᠦᠢᠴᠡᠳᠬᠡᠭᠰᠡᠨ ᠡᠵᠡᠩᠨᠡᠯᠲᠡ ᠶᠢᠨ ᠣᠷᠤᠯᠭ᠎ᠠ 430 ᠳ᠋ᠦᠩᠰᠢᠭᠤᠷ ᠲᠦᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 7% ᠨᠡᠮᠡᠭᠳᠡᠪᠡ᠃ | | | | | | | | | | | ᠁ |