1 - 10  ᠳ᠋ᠤᠭᠠᠷ ᠰᠠᠷ᠎ᠠ ᠶᠢᠨ ᠪᠦᠬᠦ ᠲᠤᠭᠤᠷᠢᠭ ᠤᠨ ᠠᠵᠤ ᠠᠬᠤᠢ ᠶᠢᠨ ᠡᠷᠭᠢᠯᠲᠠ ᠠᠵᠢᠯᠯᠠᠭᠠᠨ ᠳᠤᠭᠳᠠᠭᠤᠨ ᠤ ᠳᠤᠮᠳᠠ ᠠᠬᠢᠯᠲᠠ ᠲᠠᠢ ︵ᠬᠤᠶᠠᠷ︶
ᠨᠡᠶᠢᠲᠡᠯᠡᠭᠰᠡᠨ ᠴᠠᠭ᠄
2024/12/10
ᠬᠤᠶᠠᠷ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠠᠭᠠᠵᠢᠮ ᠢᠶᠠᠷ ᠰᠡᠷᠭᠦᠪᠡ        1 - 10 ᠳ᠋ᠤᠭᠠᠷ ᠰᠠᠷ᠎ᠠ ᠳᠤ ᠪᠦᠬᠦ ᠲᠣᠭᠤᠷᠢᠭ ᠤᠨ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶  ᠠᠳᠠᠯᠢ ᠬᠤᠭᠤᠴᠠᠭᠠᠨ ᠤ ᠬᠢ ᠠᠴᠠ 9.9%  ᠳᠤᠷᠤᠭᠰᠢᠯᠠᠵᠤ᠂ 1 - 9 ᠳ᠋ᠤᠭᠠᠷ ᠰᠠᠷ᠎ᠠ ᠳᠤ ᠳᠤᠷᠤᠭᠰᠢᠯᠠᠭᠰᠠᠨ ᠬᠡᠮᠵᠢᠶ᠎ᠡ ᠨᠢ 2.5 ᠵᠠᠭᠤᠨ ᠤ ᠬᠤᠪᠢ ᠶᠢᠨ ᠴᠡᠭ ᠪᠠᠭᠠᠰᠴᠤ᠂ 10 ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 15.7%  ᠨᠡᠮᠡᠭᠳᠡᠪᠡ᠃ ᠡᠭᠦᠨ ᠳᠤ 500 ᠲᠥᠮᠡᠨ ᠲᠦᠭᠦᠷᠢᠭ ᠠᠴᠠ ᠳᠡᠭᠡᠭᠰᠢ ᠲᠥᠷᠦᠯ ᠵᠦᠢᠯ ᠤᠨ ᠪᠡᠯᠡ ᠣᠷᠤᠭᠤᠯᠤᠯᠲᠠ ᠶᠢᠨ ᠨᠡᠮᠡᠭᠳᠡᠯ 35.8%  ᠃ ᠭᠡᠷ ᠬᠦᠷᠦᠩᠭᠡ ᠭᠠᠵᠠᠷ ᠰᠢᠷᠦᠢ ᠶᠢᠨ ᠨᠡᠭᠡᠭᠡᠨ ᠠᠰᠢᠭᠯᠠᠯᠲᠠ ᠶᠢᠨ ᠪᠡᠯᠡ ᠣᠷᠣᠭᠤᠯᠤᠯᠲᠠ 56.7%  ᠳᠤᠷᠤᠭᠰᠢᠯᠠᠪᠠ᠃ ᠠᠵᠤ ᠦᠢᠯᠡᠰ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠤᠭᠤᠯᠤᠯᠲᠠ63.9%  ᠳᠤᠷᠤᠭᠰᠢᠯᠠᠵᠤ᠂  ᠬᠤᠶᠠᠳᠤᠭᠠᠷ ᠠᠵᠤ ᠦᠢᠯᠡᠰ ᠤᠨ ᠪᠡᠯᠡ ᠣᠷᠤᠭᠤᠯᠤᠯᠲᠠ 1.8 ᠲᠠᠬᠢᠨ ᠨᠡᠮᠡᠭᠳᠡᠵᠦ᠂  ᠭᠤᠷᠪᠠᠳᠤᠭᠠᠷ ᠠᠵᠤ ᠦᠢᠯᠡᠰ ᠤᠨ ᠪᠡᠯᠡ ᠣᠷᠤᠭᠤᠯᠤᠯᠲᠠ 31.1%  ᠳᠤᠷᠤᠭᠰᠢᠯᠠᠪᠠ᠃ ᠭᠤᠤᠯᠳᠠᠯᠭ᠎ᠠ ᠲᠠᠢ ᠬᠥᠷᠢᠶ᠎ᠡ ᠬᠡᠪᠴᠢᠶᠡᠨ ᠤ ᠪᠡᠯᠡ ᠣᠷᠤᠭᠤᠯᠤᠯᠲᠠ ᠠᠴᠠ ᠦᠵᠡᠪᠡᠯ᠂ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ 1.8 ᠲᠠᠬᠢᠨ ᠨᠡᠮᠡᠭᠳᠡᠵᠦ᠂  ᠠᠬᠢᠭᠤᠯᠤᠭᠰᠠᠨ ᠪᠡᠯᠡ ᠣᠷᠤᠭᠤᠯᠤᠯᠲᠠ ᠶᠢᠨ ᠨᠡᠮᠡᠭᠳᠡᠯ 18.3 ᠵᠠᠭᠤᠨ ᠤ ᠬᠤᠪᠢ ᠶᠢᠨ ᠴᠡᠭ᠃ ᠡᠭᠦᠨ ᠳᠤ ᠦᠢᠯᠡᠳᠬᠦ ᠦᠢᠯᠡᠰ ᠤᠨ ᠪᠡᠯᠡ ᠣᠷᠤᠭᠤᠯᠤᠯᠲᠠ ᠶᠢᠨ ᠨᠡᠮᠡᠭᠳᠡᠯ 1.7 ᠲᠠᠬᠢᠨ᠂ ᠠᠬᠢᠭᠤᠯᠤᠭᠰᠠᠨ ᠪᠡᠯᠡ ᠣᠷᠤᠭᠤᠯᠤᠯᠲᠠ ᠶᠢᠨ ᠨᠡᠮᠡᠭᠳᠡᠯ 14.6 ᠵᠠᠭᠤᠨ ᠤ ᠬᠤᠪᠢ ᠶᠢᠨ ᠴᠡᠭ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号