| | | ᠥᠨᠥ ᠵᠢᠯ ᠠᠴᠠ ᠪᠦᠬᠦ ᠲᠣᠭᠤᠷᠢᠭ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠤᠩᠭᠤᠯ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠴᠤᠭᠴᠠᠯᠠᠬᠤ ᠪᠠᠷ ᠭᠤᠣᠯ ᠱᠣᠭᠤᠮ | ᠪᠣᠯᠭᠠᠨ᠂ ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ᠬᠤᠶᠠᠷ ᠶᠡᠭᠡ ᠤᠴᠢᠷ ᠢ ᠰᠠᠶᠢᠲᠤᠷ ᠬᠢᠵᠦ᠂ | ︽ᠵᠢᠷᠭᠤᠭᠠᠨ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠵᠤ᠂ ᠣᠯᠠᠨ ᠠᠷᠭ᠎ᠠ ᠠᠪᠴᠠᠯ ᠢᠶᠠᠷ | ᠳᠠᠪᠠᠭᠤᠯᠢᠭ ᠢᠶᠠᠨ ᠪᠠᠳᠠᠷᠠᠭᠤᠯᠤᠨ ᠬᠦᠴᠢᠷᠳᠡᠯ ᠢ ᠰᠢᠢᠳᠪᠦᠷᠢᠯᠡᠵᠦ᠂ ᠡᠯ᠎ᠡ ᠲᠥᠷᠦᠯ ᠤᠨ ᠲᠥᠷᠦ ᠶᠢᠨ ᠪᠣᠳᠤᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠲᠠᠢ ᠠᠬᠢᠭᠤᠯᠤᠨ᠂ ᠪᠦᠬᠦ ᠲᠣᠭᠤᠷᠢᠭ ᠤᠨ ᠠᠵᠤ ᠠᠬᠤᠢ ᠶᠢ | ᠲᠤᠭᠲᠠᠭᠤᠨ ᠡᠷᠭᠢᠯᠲᠡ ᠲᠠᠢ᠂ ᠲᠤᠭᠲᠠᠭᠤᠨ ᠤ ᠳᠤᠮᠳᠠ ᠠᠬᠢᠯᠲᠠ ᠲᠠᠢ ᠪᠣᠯᠭᠠᠪᠠ᠃ | | | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠠᠬᠢᠭᠤᠯᠪᠠ | | | 1 - 10 ᠳ᠋ᠤᠭᠠᠷ ᠰᠠᠷ᠎ᠠ ᠳᠤ ᠪᠦᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 9.8% ᠨᠡᠮᠡᠭᠳᠡᠪᠡ᠃ ᠠᠵᠤ | ᠦᠢᠯᠡᠳᠪᠦᠷᠢ ᠶᠢᠨ ᠲᠥᠷᠦᠯ ᠠᠩᠭᠢᠯᠠᠯ ᠠᠴᠠ ᠦᠵᠡᠪᠡᠯ ᠦᠢᠯᠡᠳᠬᠦ ᠦᠢᠯᠡᠰ ᠤᠨ ᠨᠡᠮᠡᠭᠳᠡᠯ ᠦᠷᠲᠡᠭ ᠤᠨ ᠨᠡᠮᠡᠭᠳᠡᠯ | 12.5% ᠂ ᠴᠠᠬᠢᠯᠭᠠᠨ ᠬᠦᠴᠦ ᠢᠯᠴᠢ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠨᠡᠮᠡᠭᠳᠡᠯ ᠦᠷᠲᠡᠭ 6.7% ᠳᠤᠷᠤᠭᠰᠢᠯᠠᠪᠠ᠃ ᠲᠤᠯᠭᠠᠭᠤᠷᠢ ᠠᠵᠤ ᠦᠢᠯᠡᠰ ᠠᠴᠠ ᠦᠵᠡᠪᠡᠯ | ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠨᠡᠮᠡᠭᠳᠡᠯ ᠦᠷᠲᠡᠭ ᠤᠨ ᠨᠡᠮᠡᠭᠳᠡᠯ 18.4% ᠂ ᠬᠢᠮᠢ ᠶᠢᠨ ᠤᠭ | ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠭᠦᠨ ᠤ ᠦᠢᠯᠡᠳᠬᠦ ᠦᠢᠯᠡᠰ ᠤᠨ ᠨᠡᠮᠡᠭᠳᠡᠯ ᠦᠷᠲᠡᠭ ᠤᠨ ᠨᠡᠮᠡᠭᠳᠡᠯ 84.4% | ᠂ ᠬᠤᠶᠠᠷ ᠦᠢᠯᠡᠰ ᠤᠨ ᠬᠠᠮᠲᠤᠪᠡᠷ ᠠᠬᠢᠭᠤᠯᠤᠭᠰᠠᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ 12.3 ᠵᠠᠭᠤᠨ ᠤ ᠬᠤᠪᠢ ᠶᠢᠨ ᠴᠡᠭ᠃ ᠪᠦᠲᠦᠭᠡᠭᠳᠡᠭᠦᠨ ᠤ | ᠭᠠᠷᠤᠯᠲᠠ ᠶᠢᠨ ᠬᠡᠮᠵᠢᠶ᠎ᠡ ᠠᠴᠠ ᠦᠵᠡᠪᠡᠯ ᠬᠢᠮᠢ ᠶᠢᠨ ᠡᠮ ᠤᠨ ᠤᠭ ᠮᠠᠲ᠋ᠧᠷᠢᠶᠠᠯ 29.3% ᠨᠡᠮᠡᠭᠳᠡᠵᠦ᠂ | ᠪᠣᠯᠤᠳ ᠮᠠᠲ᠋ᠧᠷᠢᠶᠠᠯ 29.1% ᠂ ᠨᠤᠤᠰᠤ ᠨᠤᠤᠯᠤᠭᠤᠷ 9.9% ᠨᠡᠮᠡᠭᠳᠡᠨ᠂ ᠠᠷᠪᠠᠨ ᠲᠥᠷᠦᠯ ᠤᠨ | ᠦᠩᠭᠡᠲᠦ ᠲᠡᠮᠦᠷᠯᠢᠭ 8.8% ᠳᠤᠷᠤᠭᠰᠢᠯᠠᠪᠠ᠃ ᠠᠵᠤ ᠠᠬᠤᠢ ᠶᠢᠨ ᠥᠷ᠎ᠡ ᠠᠰᠢᠭ ᠠᠴᠠ ᠦᠵᠡᠪᠡᠯ᠂ 1 - 9 | ᠳ᠋ᠤᠭᠠᠷ ᠰᠠᠷ᠎ᠠ ᠳᠤ ᠪᠦᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠭᠦᠢᠴᠡᠳᠬᠡᠭᠰᠡᠨ ᠡᠵᠡᠩᠨᠡᠯᠲᠡ ᠶᠢᠨ ᠣᠷᠤᠯᠭ᠎ᠠ 430 ᠳ᠋ᠦᠩᠰᠢᠭᠤᠷ ᠲᠦᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 7% ᠨᠡᠮᠡᠭᠳᠡᠪᠡ᠃ | | | ᠬᠤᠶᠠᠷ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠠᠭᠠᠵᠢᠮ ᠢᠶᠠᠷ ᠰᠡᠷᠭᠦᠪᠡ | | | 1 - 10 ᠳ᠋ᠤᠭᠠᠷ ᠰᠠᠷ᠎ᠠ ᠳᠤ ᠪᠦᠬᠦ ᠲᠣᠭᠤᠷᠢᠭ ᠤᠨ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ | ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 9.9% ᠳᠤᠷᠤᠭᠰᠢᠯᠠᠵᠤ᠂ | 1 - 9 ᠳ᠋ᠤᠭᠠᠷ ᠰᠠᠷ᠎ᠠ ᠳᠤ ᠳᠤᠷᠤᠭᠰᠢᠯᠠᠭᠰᠠᠨ ᠬᠡᠮᠵᠢᠶ᠎ᠡ ᠨᠢ 2.5 ᠵᠠᠭᠤᠨ ᠤ ᠬᠤᠪᠢ ᠶᠢᠨ ᠴᠡᠭ ᠪᠠᠭᠠᠰᠴᠤ᠂ 10 | ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 15.7% ᠨᠡᠮᠡᠭᠳᠡᠪᠡ᠃ ᠡᠭᠦᠨ ᠳᠤ 500 ᠲᠥᠮᠡᠨ | ᠲᠦᠭᠦᠷᠢᠭ ᠠᠴᠠ ᠳᠡᠭᠡᠭᠰᠢ ᠲᠥᠷᠦᠯ ᠵᠦᠢᠯ ᠤᠨ ᠪᠡᠯᠡ ᠣᠷᠤᠭᠤᠯᠤᠯᠲᠠ ᠶᠢᠨ ᠨᠡᠮᠡᠭᠳᠡᠯ 35.8% ᠃ ᠭᠡᠷ | ᠬᠦᠷᠦᠩᠭᠡ ᠭᠠᠵᠠᠷ ᠰᠢᠷᠦᠢ ᠶᠢᠨ ᠨᠡᠭᠡᠭᠡᠨ ᠠᠰᠢᠭᠯᠠᠯᠲᠠ ᠶᠢᠨ ᠪᠡᠯᠡ ᠣᠷᠣᠭᠤᠯᠤᠯᠲᠠ 56.7% ᠳᠤᠷᠤᠭᠰᠢᠯᠠᠪᠠ᠃ | ᠠᠵᠤ ᠦᠢᠯᠡᠰ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠤᠭᠤᠯᠤᠯᠲᠠ63.9% | ᠳᠤᠷᠤᠭᠰᠢᠯᠠᠵᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠤᠭᠤᠯᠤᠯᠲᠠ 1.8 ᠲᠠᠬᠢᠨ ᠨᠡᠮᠡᠭᠳᠡᠵᠦ᠂ | ᠭᠤᠷᠪᠠᠳᠤᠭᠠᠷ ᠠᠵᠤ ᠦᠢᠯᠡᠰ ᠤᠨ ᠪᠡᠯᠡ ᠣᠷᠤᠭᠤᠯᠤᠯᠲᠠ 31.1% ᠳᠤᠷᠤᠭᠰᠢᠯᠠᠪᠠ᠃ ᠭᠤᠤᠯᠳᠠᠯᠭ᠎ᠠ ᠲᠠᠢ | ᠬᠥᠷᠢᠶ᠎ᠡ ᠬᠡᠪᠴᠢᠶᠡᠨ ᠤ ᠪᠡᠯᠡ ᠣᠷᠤᠭᠤᠯᠤᠯᠲᠠ ᠠᠴᠠ ᠦᠵᠡᠪᠡᠯ᠂ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ | 1.8 ᠲᠠᠬᠢᠨ ᠨᠡᠮᠡᠭᠳᠡᠵᠦ᠂ ᠠᠬᠢᠭᠤᠯᠤᠭᠰᠠᠨ ᠪᠡᠯᠡ ᠣᠷᠤᠭᠤᠯᠤᠯᠲᠠ ᠶᠢᠨ ᠨᠡᠮᠡᠭᠳᠡᠯ 18.3 ᠵᠠᠭᠤᠨ ᠤ ᠬᠤᠪᠢ ᠶᠢᠨ | ᠴᠡᠭ᠃ ᠡᠭᠦᠨ ᠳᠤ ᠦᠢᠯᠡᠳᠬᠦ ᠦᠢᠯᠡᠰ ᠤᠨ ᠪᠡᠯᠡ ᠣᠷᠤᠭᠤᠯᠤᠯᠲᠠ ᠶᠢᠨ ᠨᠡᠮᠡᠭᠳᠡᠯ 1.7 ᠲᠠᠬᠢᠨ᠂ ᠠᠬᠢᠭᠤᠯᠤᠭᠰᠠᠨ | ᠪᠡᠯᠡ ᠣᠷᠤᠭᠤᠯᠤᠯᠲᠠ ᠶᠢᠨ ᠨᠡᠮᠡᠭᠳᠡᠯ 14.6 ᠵᠠᠭᠤᠨ ᠤ ᠬᠤᠪᠢ ᠶᠢᠨ ᠴᠡᠭ᠃ | | | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ | | | 1 - 10 ᠳ᠋ᠤᠭᠠᠷ ᠰᠠᠷ᠎ᠠ ᠳᠤ ᠪᠦᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ | ᠪᠣᠷᠤᠯᠠᠭᠤᠯᠤᠭᠰᠠᠨ ᠶᠡᠷᠦᠩᠬᠡᠢ ᠲᠤᠭ᠎ᠠ 140 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ 1. | 2% ᠨᠡᠮᠡᠭᠳᠡᠵᠦ᠂ 1 - 9 ᠳ᠋ᠤᠭᠠᠷ ᠰᠠᠷ᠎ᠠ ᠲᠠᠢ ᠬᠠᠷᠢᠴᠠᠭᠤᠯᠪᠠᠯ 0.3 ᠵᠠᠭᠤᠨ ᠤ ᠬᠤᠪᠢ ᠶᠢᠨ ᠴᠡᠭ | ᠳᠡᠭᠡᠭᠰᠢᠯᠡᠪᠡ᠃ ᠡᠭᠦᠨ ᠳᠤ ᠬᠢᠵᠠᠭᠠᠷ ᠲᠤᠭ᠎ᠠ ᠠᠴᠠ ᠳᠡᠭᠡᠭᠰᠢ ᠨᠢᠭᠡᠴᠡ ᠶᠢᠨ ᠬᠡᠷᠡᠭᠯᠡᠭᠡᠨ ᠤ ᠡᠳ᠋ ᠤᠨ ᠬᠡᠰᠡᠭᠯᠡᠨ | ᠪᠣᠷᠤᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 5.9% ᠳᠤᠷᠤᠭᠰᠢᠯᠠᠪᠠ᠃ ᠬᠡᠷᠡᠭᠯᠡᠭᠡᠨ ᠤ ᠲᠥᠷᠦᠯ | ᠵᠦᠢᠯ ᠠᠴᠠ ᠦᠵᠡᠪᠡᠯ᠂ ᠬᠢᠵᠠᠭᠠᠷ ᠠᠴᠠ ᠳᠡᠭᠡᠭᠰᠢᠬᠢ ᠲᠠᠸᠠᠷ ᠤᠨ ᠬᠡᠰᠡᠭᠯᠡᠨ ᠪᠣᠷᠤᠯᠠᠭᠤᠯᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 5.7% ᠳᠤᠷᠤᠭᠰᠢᠯᠠᠪᠠ᠃ ᠬᠢᠵᠠᠭᠠᠷ ᠠᠴᠠ ᠳᠡᠭᠡᠭᠰᠢᠬᠢ ᠢᠳᠡᠭᠡᠨ ᠤᠮᠳᠠᠭᠠᠨ ᠤ | ᠣᠷᠤᠯᠭ᠎ᠠ 15.4% ᠳᠤᠷᠤᠭᠰᠢᠯᠠᠪᠠ᠃ ᠭᠤᠣᠯ ᠪᠣᠯᠬᠤ ᠲᠠᠸᠠᠷ ᠤᠨ ᠪᠤᠷᠤᠯᠠᠭᠤᠯᠭ᠎ᠠ ᠠᠴᠠ ᠦᠵᠡᠪᠡᠯ ᠬᠢᠵᠠᠭᠠᠷ | ᠲᠤᠭ᠎ᠠ ᠠᠴᠠ ᠳᠡᠭᠡᠭᠰᠢᠬᠢ ᠨᠢᠭᠡᠴᠡ ᠶᠢᠨ ᠰᠤᠶᠤᠯ ᠤᠨ ᠬᠡᠷᠡᠭᠰᠡᠯ ᠠᠯᠪᠠᠯᠠᠬᠤ ᠬᠡᠷᠡᠭᠰᠡᠯ ᠤᠨ ᠵᠦᠢᠯᠡᠰ ᠤᠨ ᠬᠡᠰᠡᠭᠯᠡᠨ | ᠪᠣᠷᠤᠯᠠᠭᠤᠯᠤᠭᠰᠠᠨ ᠲᠤᠭ᠎ᠠ87.9% ᠨᠡᠮᠡᠭᠳᠡᠨ᠂ ᠠᠮᠤ ᠲᠣᠰᠤ ᠢᠳᠡᠭᠡᠨ ᠤ ᠵᠦᠢᠯᠡᠰ ᠤᠨ ᠨᠡᠮᠡᠭᠳᠡᠯ 47.9%᠂ | ᠴᠢᠯᠠᠭᠤᠨ ᠳᠤᠰᠤ ᠵᠢᠴᠢ ᠲᠡᠭᠦᠨ ᠤ ᠪᠦᠲᠦᠭᠡᠭᠳᠡᠭᠦᠨ ᠤ ᠵᠦᠢᠯᠡᠰ ᠤᠨ ᠨᠡᠮᠡᠭᠳᠡᠯ 24.2% ᠃ ᠪᠦᠬᠦ | ᠲᠤᠭᠤᠷᠢᠭ ᠤᠨ ᠣᠯᠠᠨ ᠨᠡᠶᠢᠲᠡ ᠶᠢᠨ ᠰᠦᠯᠵᠢᠶ᠎ᠡ ᠪᠠᠷ ᠭᠦᠢᠴᠡᠳᠬᠡᠭᠰᠡᠨ ᠲᠠᠸᠠᠷ ᠤᠨ ᠪᠣᠷᠤᠯᠠᠭᠤᠯᠭ᠎ᠠ ᠶᠢᠨ ᠲᠤᠭ᠎ᠠ | ᠠᠳᠠᠯᠢ ᠬᠤᠭᠤᠴᠠᠭᠠᠨ ᠤ ᠬᠢ ᠠᠴᠠ 2.3 ᠲᠠᠬᠢᠨ ᠨᠡᠮᠡᠭᠳᠡᠪᠡ᠃ | | | ᠳᠥᠷᠪᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠶ᠎ᠡ ᠢᠯᠡᠷᠬᠡᠢ | | | 1 - 10 ᠳ᠋ᠤᠭᠠᠷ ᠰᠠᠷ᠎ᠠ ᠳᠤ ᠪᠦᠬᠦ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠤᠯᠭ᠎ᠠ 17.9 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 8.3% ᠳᠤᠷᠤᠭᠰᠢᠯᠠᠪᠠ᠃ | ᠡᠭᠦᠨ ᠳᠤ ᠭᠠᠶᠢᠯᠢ ᠶᠢᠨ ᠣᠷᠤᠯᠭ᠎ᠠ14.4 ᠳ᠋ᠦᠩᠰᠢᠭᠤᠷ ᠲᠦᠭᠦᠷᠢᠭ᠂ 16.8% ᠳᠤᠷᠤᠭᠰᠢᠯᠠᠨ᠂ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠤᠯᠭ᠎ᠠ ᠶᠢᠨ 80.3% ᠶᠢ ᠡᠵᠡᠯᠡᠪᠡ᠃ ᠭᠠᠶᠢᠯᠢ ᠶᠢᠨ ᠪᠤᠰᠤ ᠣᠷᠣᠯᠭ᠎ᠠ 3. | 5 ᠳ᠋ᠦᠩᠰᠢᠭᠤᠷ ᠲᠦᠭᠦᠷᠢᠭ᠂ 56.4% ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢᠨ 19.7% ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 24.1 | ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 32.4% ᠳᠤᠷᠤᠭᠰᠢᠯᠠᠪᠠ᠃ | | | | | | | | | | | | | | | | | | | | | | ᠁ |