| | | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ | 244 ᠳ᠋ᠤᠬᠡᠷ ᠲᠣᠭᠠᠲᠤ | | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢ ᠰᠢᠩᠬᠡᠬᠡᠨ ᠲᠡᠮᠳᠡᠭᠯᠡᠬᠦ ᠬᠠᠤᠯᠢ | ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠳᠠ ᠶᠢᠨ ᠠᠷᠭ᠎ᠠ︾ ᠶᠢ | 2020 ᠣᠨ ᠤ 1 ᠳ᠋ᠤᠬᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ | ᠨᠡᠶᠢᠲᠡᠯᠡᠪᠡ᠂ 2020 ᠣᠨ ᠤ 4 ᠳ᠋ᠤᠬᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ | 2020 ᠣᠨ ᠤ 2 ᠳ᠋ᠤᠭᠠᠷ ᠰᠠᠷ᠎ᠠ ᠶᠢᠨ 17 ᠤ ᠡᠳᠦᠷ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ ᠬᠠᠤᠯᠢ ᠬᠡᠷᠡᠭᠵᠢᠬᠦᠯᠬᠦ ᠪᠦᠭᠦ | ᠶᠠᠪᠤᠴᠠ ᠶᠢ ᠰᠢᠩᠬᠡᠬᠡᠨ ᠲᠡᠮᠳᠡᠭᠯᠡᠬᠦ ᠬᠠᠤᠯᠢ ᠬᠡᠷᠡᠭᠵᠢᠬᠦᠯᠬᠦ ᠴᠢᠬᠤᠯᠠ ᠶᠡᠭᠡ | ᠲᠤᠨᠨᠳᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠳᠠ ᠶᠢᠨ ᠠᠷᠭ᠎ᠠ | | ᠨᠢᠭᠡᠳᠦᠭᠡᠷ ᠪᠦᠯᠦᠭ ᠶᠡᠷᠦᠩᠬᠡᠶ ᠲᠦᠷᠢᠮ | | ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠡᠰ ᠳᠠᠷᠠᠭᠠᠯᠠᠯ ᠢ ᠵᠢᠷᠤᠮᠵᠢᠭᠤᠯᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠡᠷᠬᠡᠳᠦ ᠠᠷᠠᠳ᠂ | ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ | ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠤᠷᠭᠠᠭᠤᠯᠢ ᠶᠢᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤ ᠬᠢᠨᠠᠯᠲᠠ | ᠲᠠᠯᠪᠢᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠦᠪᠡᠷᠳᠡᠬᠡᠨ ᠵᠠᠰᠠᠬᠤ | ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠨᠨᠳᠠᠭᠠᠪᠠ᠃ | | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ | ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ | ︵ᠳᠣᠷᠣᠭᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠭᠡᠵᠦ ᠨᠡᠷᠡᠶᠢᠳᠦᠨ᠎ᠠ︶ ᠨᠤᠭᠤᠳ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ᠂ ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢ | ᠰᠢᠩᠬᠡᠬᠡᠨ ᠲᠡᠮᠳᠡᠭᠯᠡᠬᠦ ᠪᠠ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠤᠨ ᠬᠠᠤᠯᠢ ᠲᠦᠷᠢᠮ ᠤᠨ ᠬᠢᠨᠠᠨ | ᠬᠠᠷᠭᠤᠭᠤᠯᠤᠯᠳᠠ ︵ᠳᠣᠷᠣᠭᠰᠢ ᠭᠤᠷᠪᠠᠨ ᠵᠦᠢᠯ ᠤᠨ ᠳᠦᠷᠢᠮ ᠭᠡᠵᠦ ᠨᠡᠷᠡᠶᠢᠳᠦᠨ᠎ᠠ︶ ᠶᠢ ᠬᠡᠷᠡᠭᠵᠢᠭᠦᠯᠬᠦ ᠳᠤ ᠲᠣᠰ | ᠠᠷᠭ᠎ᠠ ᠶᠢ ᠲᠤᠬᠢᠷᠠᠭᠤᠯᠤᠨ ᠬᠡᠷᠡᠭᠯᠡᠨ᠎ᠡ᠃ | | ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠷᠪᠠᠨ ᠵᠦᠢᠯ ᠤᠨ ᠳᠦᠷᠢᠮ ᠢ ᠪᠦᠬᠦ | ᠲᠠᠯ᠎ᠠ ᠪᠠᠷ ᠶᠠᠪᠤᠨᠨᠳᠠᠭᠤᠯᠵᠦ᠂ ᠭᠤᠷᠪᠠᠨ ᠵᠦᠢᠯ ᠤᠨ ᠳᠦᠷᠢᠮ ᠤᠨ ᠬᠡᠷᠡᠭᠵᠢᠭᠦᠯᠦᠭᠰᠡᠨ ᠪᠠᠶᠢᠳᠠᠯ ᠢ ᠬᠠᠤᠯᠢᠵᠢᠯ ᠤᠨ | ᠵᠠᠰᠠᠭ ᠤᠨ ᠣᠷᠳᠣᠨ ᠤ ᠪᠦᠳᠦᠬᠡᠨ ᠪᠠᠶᠢᠭᠤᠯᠤᠯᠲᠠ ᠶᠢᠨ ᠰᠢᠯᠭᠠᠨ ᠲᠤᠨᠨᠳᠠᠭᠠᠬᠤ ᠰᠢᠰᠲ᠋ᠧᠮᠵᠢ ᠳᠤ ᠤᠷᠤᠭᠤᠯᠬᠤ | ᠬᠡᠷᠡᠭᠳᠡᠢ᠃ | | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠭᠤᠷᠪᠠᠨ ᠵᠦᠢᠯ ᠤᠨ ᠲᠦᠷᠢᠮ ᠤᠨ ᠬᠡᠷᠡᠭᠵᠢᠬᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠷᠢᠭᠤᠴᠠᠬᠤ ᠬᠡᠷᠡᠭᠳᠡᠢ᠃ | | ᠲᠡᠬᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠳᠣᠣᠷᠠᠳᠤ | ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠭᠤᠷᠪᠠᠨ ᠵᠦᠢᠯ ᠤᠨ ᠳᠦᠷᠢᠮ ᠢ | ᠬᠡᠷᠡᠭᠵᠢᠬᠦᠯᠬᠦ ᠶᠢ ᠵᠢᠯᠤᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ | | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠬᠦ ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ | ᠬᠠᠷᠢᠭᠤᠴᠠᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠨᠢ | ᠵᠠᠯᠭᠠᠯᠳᠤᠭᠤᠯᠤᠨ ᠬᠡᠷᠡᠭᠯᠡᠵᠦ᠂ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭ᠎ᠠ ᠪᠠᠷᠢᠮᠲᠠ ᠶᠢ | ᠴᠤᠭᠯᠠᠭᠤᠯᠬᠤ ᠪᠠ ᠮᠡᠳᠡᠭᠡ ᠵᠠᠩᠭᠢ ᠶᠢ ᠬᠠᠮᠳᠤ ᠪᠠᠷ ᠬᠦᠷᠲᠡᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠬᠠᠷᠢᠭᠤᠴᠠᠯᠭ᠎ᠠ ᠪᠠᠷ ᠲᠣᠳᠣᠷᠬᠠᠶ ᠂ ᠬᠠᠮᠢᠶᠠᠷᠤᠯᠲᠠ ᠪᠠᠷ ᠵᠢᠷᠤᠮᠵᠢᠭᠤᠨ ᠂ ᠣᠷᠣᠭᠤᠯᠤᠯᠲᠠ ᠪᠠᠷ ᠲᠤᠨᠨᠳᠠᠭᠤᠨ ᠪᠠᠶᠢᠬᠤ | ᠬᠠᠤᠯᠢ ᠬᠡᠷᠡᠭᠵᠢᠬᠦᠯᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠯᠳᠡ ᠶᠢᠨ ᠴᠢᠬᠤᠯᠠ ᠬᠡᠷᠡᠭᠴᠡᠬᠡᠨ ᠤ ᠲᠣᠨᠤᠭ ᠲᠥᠬᠦᠭᠡᠷᠦᠮᠵᠢ ᠪᠠ ᠵᠠᠷᠤᠳᠠᠯ ᠢ ᠪᠠᠲᠤᠯᠠᠬᠤ ᠬᠡᠷᠡᠭᠲᠡᠶ᠃ | | ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ | | ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ ᠨᠢ ᠬᠡᠨ ᠬᠠᠤᠯᠢ | ᠬᠡᠷᠡᠭᠵᠢᠬᠦᠯᠪᠡᠯ ᠬᠡᠨ ᠵᠠᠷᠯᠠᠨ ᠨᠡᠶᠢᠳᠡᠯᠡᠬᠦ ᠵᠠᠷᠴᠢᠮ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠭᠰᠡᠨ | ᠮᠡᠳᠡᠭᠡ ᠵᠠᠩᠭᠢ ᠶᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠨᠡᠶᠢᠲᠡᠯᠡᠬᠦ᠂ ᠬᠦᠴᠦᠨ ᠦᠭᠡᠶ ᠪᠣᠯᠭᠠᠬᠤ ᠪᠠ | ᠰᠢᠨᠡᠳᠬᠡᠬᠦ ᠳᠦᠷᠢᠮ ᠢ ᠪᠠᠶᠢᠭᠤᠯᠬᠤ ᠬᠡᠷᠡᠭᠲᠡᠶ᠃ | | ᠳᠣᠯᠣᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ ᠨᠢ ᠫᠤᠷᠲ᠋ᠧᠯ | ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠠᠵᠢᠯ ᠶᠠᠪᠤᠳᠠᠯ ᠭᠦᠢᠴᠡᠳᠬᠡᠬᠦ ᠲᠢᠩᠬᠢᠮ ᠤᠨ | ᠵᠠᠷᠯᠠᠨ ᠨᠡᠶᠢᠳᠡᠯᠡᠬᠦ ᠪᠤᠯᠤᠩ᠂ ᠦᠢᠯᠡᠴᠢᠯᠡᠬᠡᠨ ᠤ ᠴᠤᠩᠬᠤᠪᠴᠢ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠲᠡᠶ᠃ | | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠰᠦᠯᠵᠢᠶᠡᠨ ᠳᠤ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠲᠡᠶ᠃ | | | ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ ᠨᠢ ᠳᠣᠤᠷᠠᠬᠢ ᠮᠡᠲᠦ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠨᠳᠦᠰᠦᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠵᠠᠷᠯᠠᠨ | ᠨᠡᠶᠢᠳᠡᠯᠡᠬᠦ ᠬᠡᠷᠡᠭᠲᠡᠶ᠄ | | ︵ᠨᠢᠭᠡ︶ ᠬᠠᠤᠯᠢ ᠬᠡᠷᠡᠭᠵᠢᠭᠦᠯᠬᠦ ᠭᠤᠤᠯ ᠴᠣᠭᠴᠠ᠂ ᠠᠯᠪᠠᠯᠠᠬᠤ ᠭᠠᠵᠠᠷ᠂ ᠴᠢᠮᠡᠭᠡ ᠬᠤᠯᠪᠤᠭᠠᠨ ᠤ ᠬᠠᠶ᠋ᠢᠭ᠂ | ᠠᠰᠠᠭᠤᠨ ᠯᠠᠪᠯᠠᠬᠤ ᠤᠳᠠᠰᠤ᠂ ᠬᠢᠨᠠᠯᠲᠠ ᠲᠠᠯᠪᠢᠬᠤ ᠤᠳᠠᠰᠤ︔ | | ︵ᠬᠤᠶᠠᠷ︶ ᠬᠠᠤᠯᠢ ᠬᠡᠷᠡᠭᠵᠢᠭᠦᠯᠬᠦ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠲᠠᠰᠢᠷᠠᠮ ᠢᠶᠠᠷ ᠰᠤᠭᠤᠴᠢᠨ | ᠪᠠᠶᠢᠴᠠᠭᠠᠨᠨᠰᠠᠨ ᠵᠦᠢᠯᠡᠰ ᠤᠨ ᠨᠠᠷᠢᠨ ᠬᠠᠭᠤᠳᠠᠰᠤ︔ | | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠳ ᠤᠨ ᠣᠪᠣᠭ ᠨᠡᠷ᠎ᠡ᠂ ᠨᠢᠬᠡᠴᠢ᠂ ᠲᠤᠰᠢᠶᠠᠯ᠂ | ᠬᠡᠷᠡᠯ ᠵᠢᠷᠤᠭ᠂ ᠬᠠᠤᠯᠢ ᠬᠡᠷᠡᠭᠵᠢᠭᠦᠯᠬᠦ ᠦᠨᠡᠮᠯᠡᠯ ᠤᠨ ᠨᠣᠮᠧᠷ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ | ᠬᠡᠷᠡᠭᠵᠢᠭᠦᠯᠬᠦ ᠣᠷᠣᠨ ᠪᠦᠰᠡ ᠵᠡᠷᠭᠡ ᠮᠡᠳᠡᠭᠡ ᠵᠠᠩᠭᠢ︔ | | ︵ᠲᠦᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ᠦᠢᠯᠡᠴᠢᠯᠡᠬᠦ ᠡᠳᠡᠬᠡᠳ᠂ ᠭᠦᠯᠢᠶᠡᠨ | ᠠᠪᠴᠤ ᠰᠶᠢᠳᠪᠦᠷᠢᠯᠡᠬᠦ ᠨᠦᠭᠦᠴᠡᠯ᠂ ᠭᠦᠢᠴᠡᠳᠬᠡᠬᠦ ᠠᠷᠭ᠎ᠠ ᠮᠠᠶ᠋ᠢᠭ᠂ ᠭᠦᠢᠴᠡᠳᠬᠡᠬᠦ ᠴᠤᠪᠤᠷᠠᠯ᠂ ᠭᠦᠢᠴᠡᠳᠬᠡᠬᠦ | ᠴᠠᠭ ᠤᠨ ᠬᠢᠵᠠᠭᠠᠷ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦᠯᠡᠯ ᠵᠢᠴᠢ | ᠭᠤᠶᠤᠴᠢᠯᠠᠬᠤ ᠮᠠᠲ᠋ᠧᠷᠢᠶᠠᠯ ᠤᠨ ᠭᠠᠷᠴᠠᠭ᠂ ᠭᠦᠰᠦᠨᠦᠭ ᠵᠡᠷᠬᠡ︔ | | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠤᠪᠤᠷᠠᠯ︔ | | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠤᠨᠨᠳᠠᠭᠠᠯ᠂ ᠲᠤᠨᠨᠳᠠᠭᠠᠯ ᠲᠦᠷᠢᠮ ᠳᠤ ᠲᠤᠨᠨᠳᠠᠭᠠᠨᠨᠰᠠᠨ | ᠰᠠᠨᠠᠭᠠᠴᠢᠯᠠᠭ᠎ᠠ ᠠᠴᠠ ᠪᠠᠨ ᠵᠠᠷᠯᠠᠨ ᠨᠡᠶᠢᠳᠡᠯᠡᠬᠦ ᠴᠢᠬᠤᠯᠠᠳᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠤᠰᠤᠳ | ᠦᠨᠳᠦᠰᠦᠨ ᠮᠡᠳᠡᠭᠡ ᠵᠠᠩᠬᠢ᠃ | | ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠬᠠᠤᠯᠢ ᠬᠡᠷᠡᠭᠵᠢᠬᠦᠯᠬᠦ | ᠶᠠᠪᠤᠴᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠦᠵᠡᠬᠦᠯᠬᠦ | ᠬᠡᠷᠡᠭᠳᠡᠢ᠃ | | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠬᠢᠨᠠᠯᠳᠠ ᠲᠠᠯᠪᠢᠵᠦ ᠪᠠᠶᠢᠴᠠᠭᠠᠯᠳᠠ ᠬᠢᠬᠦ᠂ | ᠪᠠᠶᠢᠴᠠᠭᠠᠵᠦ ᠬᠡᠷᠡᠴᠢ ᠠᠪᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠ ᠠᠯᠪᠠᠳᠠᠨ ᠭᠦᠢᠴᠡᠳᠬᠡᠬᠦᠯᠬᠦ᠂ | ᠪᠢᠴᠢᠭ ᠬᠠᠷ᠎ᠠ ᠶᠢ ᠭᠠᠷᠳᠠᠭᠤᠯᠤᠨ ᠭᠦᠷᠬᠡᠬᠦ ᠵᠡᠷᠬᠡ ᠬᠠᠤᠯᠢ ᠬᠡᠷᠡᠭᠵᠢᠬᠦᠯᠬᠦ ᠠᠵᠢᠯᠯᠠᠭ᠎ᠠ ᠶᠢ ᠦᠷᠨᠢᠬᠦᠯᠬᠦ ᠳᠤ᠂ | ᠲᠤᠬᠠᠢ ᠶᠢᠨ ᠭᠦᠮᠦᠨ ᠳᠤ ᠨᠢ ᠬᠠᠤᠯᠢ ᠬᠡᠷᠡᠭᠵᠢᠬᠦᠯᠬᠦ ᠶᠢᠨ ᠤᠴᠢᠷ ᠰᠢᠯᠳᠠᠭᠠᠨ᠂ ᠬᠠᠤᠯᠢ ᠬᠡᠷᠡᠭᠵᠢᠬᠦᠯᠬᠦ ᠦᠨᠳᠦᠰᠦᠯᠡᠯ | ᠂ ᠡᠷᠬᠡ ᠡᠭᠦᠷᠬᠡ᠂ ᠠᠪᠤᠷᠠᠨ ᠲᠤᠰᠠᠯᠠᠬᠤ ᠠᠷᠭ᠎ᠠ ᠮᠠᠶ᠋ᠢᠭ ᠵᠡᠷᠬᠡ ᠠᠭᠤᠯᠭ᠎ᠠ ᠶᠢ ᠮᠡᠳᠡᠭᠳᠡᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠬᠦ ᠪᠢᠴᠢᠭ ᠬᠠᠷ᠎ᠠ ᠶᠢ ᠬᠠᠤᠯᠢ ᠶᠤᠰᠤᠭᠠᠷ ᠭᠠᠷᠭᠠᠵᠦ ᠦᠭᠬᠦ ᠬᠡᠷᠡᠭᠳᠡᠢ᠃ | | ᠠᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠭᠲᠠᠭᠠᠯ ᠢᠶᠠᠨ ᠨᠡᠶᠢᠭᠡᠮ ᠨᠡᠶᠢᠳᠡ ᠳᠤ ᠬᠠᠤᠯᠢ ᠶᠣᠰᠣᠭᠠᠷ ᠢᠯᠡ ᠪᠤᠯᠭᠠᠵᠦ᠂ | ᠨᠡᠶᠢᠭᠡᠮ ᠤᠨ ᠬᠢᠨ ᠤ ᠬᠢᠨᠠᠯᠳᠠ ᠲᠠᠯᠪᠢᠯᠳᠠ ᠶᠢ ᠬᠦᠯᠢᠶᠡᠬᠦ ᠬᠡᠷᠡᠭᠲᠡᠶ᠃ ᠢᠯᠡ ᠪᠣᠯᠭᠠᠬᠤ ᠠᠭᠤᠯᠭ᠎ᠠ ᠳᠤ ᠬᠠᠤᠯᠢ | ᠬᠡᠷᠡᠭᠵᠢᠭᠦᠯᠬᠦ ᠭᠤᠤᠯ ᠴᠣᠭᠴᠠ᠂ ᠬᠠᠤᠯᠢ ᠬᠡᠷᠡᠭᠵᠢᠭᠦᠯᠬᠦ ᠡᠲᠡᠭᠡᠳ᠂ ᠬᠡᠷᠡᠭ ᠤᠨ ᠪᠣᠳᠠᠲᠤ ᠪᠠᠶᠢᠳᠠᠯ᠂ ᠬᠠᠤᠯᠢ | ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠬᠦ ᠳ᠋ᠦᠩᠨᠡᠯᠲᠡ ᠵᠡᠷᠭᠡ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠭᠲᠠᠭᠠᠯ ᠤᠨ ᠮᠡᠳᠡᠭᠡ ᠵᠠᠩᠭᠢ ᠪᠠᠭᠲᠠᠨ᠎ᠠ᠃ | | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠨᠨᠳᠠᠭᠠᠯ ᠢ ᠵᠠᠷᠯᠠᠨ ᠨᠡᠶᠢᠳᠡᠯᠡᠬᠦ ᠳᠤ ᠪᠠᠨ ᠪᠠᠩᠬᠢ ᠶᠢᠨ ᠬᠢᠨ | ᠲᠠᠩᠰᠠᠨ ᠨᠤᠮᠧᠷ᠂ ᠭᠦᠳᠡᠯᠬᠦ ᠭᠦᠷᠦᠩᠬᠡ ᠪᠤᠶᠤ ᠦᠯᠦ ᠭᠦᠳᠡᠯᠬᠦ ᠭᠦᠷᠦᠩᠬᠡ ᠶᠢᠨ ᠡᠷᠬᠡ ᠬᠠᠷᠢᠶᠠᠯᠠᠯ ᠤᠨ | ᠦᠨᠡᠮᠯᠡᠯ ᠤᠨ ᠨᠤᠮᠧᠷ᠂ ᠨᠢᠬᠡᠴᠢ ᠪᠤᠶᠤ ᠬᠤᠪᠢ ᠭᠦᠮᠦᠨ ᠤ ᠡᠳ᠋ ᠭᠦᠷᠦᠩᠬᠡ ᠶᠢᠨ ᠪᠠᠶᠢᠳᠠᠯ ᠵᠡᠷᠬᠡ ᠡᠳ᠋ | ᠭᠦᠷᠦᠩᠬᠡ ᠳᠤ ᠬᠤᠯᠪᠤᠨᠨᠳᠠᠬᠤ ᠮᠡᠳᠡᠭᠡ ᠵᠠᠩᠬᠢ ᠵᠢᠴᠢ ᠲᠤᠬᠠᠢ ᠶᠢᠨ ᠭᠦᠮᠦᠨ ᠤ ᠬᠤᠪᠢ ᠶᠢᠨ ᠬᠢᠨ ᠤ ᠬᠡᠷ ᠪᠦᠯᠢ ᠶᠢᠨ | ᠬᠠᠶ᠋ᠢᠭ᠂ ᠪᠡᠶ᠎ᠡ ᠶᠢᠨ ᠦᠨᠡᠮᠯᠡᠯ ᠤᠨ ᠨᠤᠮᠧᠷ᠂ ᠮᠡᠳᠡᠭᠡ ᠬᠤᠯᠪᠤᠭ᠎ᠠ ᠶᠢᠨ ᠠᠷᠭ᠎ᠠ ᠮᠠᠶ᠋ᠢᠭ ᠵᠡᠷᠬᠡ ᠮᠡᠳᠡᠭᠡ ᠵᠠᠩᠬᠢ ᠶᠢ | ᠨᠢᠭᠤᠴᠠᠯᠠᠬᠤ ᠬᠡᠷᠡᠭᠳᠡᠢ᠃ | | ᠠᠷᠪᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠳᠤ ᠳᠣᠤᠷᠠᠬᠢ | ᠪᠠᠶᠢᠳᠠᠯ ᠤᠨ ᠨᠢᠭᠡ ᠨᠢ ᠪᠠᠶᠢᠪᠠᠯ ᠢᠯᠡ ᠪᠤᠯᠭᠠᠵᠦ ᠪᠤᠯᠬᠤ ᠦᠭᠡᠢ᠄ | | ︵ᠨᠢᠬᠡ︶ ᠲᠤᠬᠠᠢ ᠶᠢᠨ ᠭᠦᠮᠦᠨ ᠨᠢ ᠨᠠᠰᠤᠨ ᠳᠤ ᠦᠯᠦ ᠭᠦᠷᠦᠭᠰᠡᠳ ᠪᠠᠶᠢᠬᠤ︔ | | ︵ᠬᠤᠶᠠᠷ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠳᠤ | ᠬᠤᠯᠪᠣᠭᠳᠠᠭᠰᠠᠨ︔ | | ︵ᠭᠤᠷᠪᠠ︶ ᠢᠯᠡ ᠪᠤᠯᠭᠠᠨᠨᠰᠠᠨ ᠤ ᠲᠠᠷᠠᠭ᠎ᠠ ᠤᠯᠤᠰ ᠤᠨ ᠠᠮᠤᠷ ᠲᠦᠪᠰᠢᠨ᠂ ᠤᠯᠠᠨ ᠨᠡᠶᠢᠳᠡ ᠶᠢᠨ ᠠᠮᠤᠷ | ᠲᠦᠪᠰᠢᠨ᠂ ᠠᠵᠦ ᠠᠬᠤᠢ ᠶᠢᠨ ᠠᠮᠤᠷ ᠲᠦᠪᠰᠢᠨ ᠪᠤᠶᠤ ᠨᠡᠶᠢᠬᠡᠮ ᠤᠨ ᠠᠮᠤᠷ ᠲᠤᠨᠨᠳᠠᠭᠤᠨ ᠢ ᠨᠦᠯᠦᠬᠡᠯᠡᠵᠦ ᠮᠡᠳᠡᠬᠦ | ︔ | | ︵ᠲᠦᠷᠪᠡ︶ ᠢᠯᠡ ᠪᠤᠯᠭᠠᠨᠨᠰᠠᠨ ᠤ ᠲᠠᠷᠠᠭ᠎ᠠ ᠲᠤᠰ ᠬᠡᠷᠡᠭ ᠲᠤ ᠬᠠᠮᠢᠶᠠᠳᠠᠬᠤ ᠪᠤᠰᠤᠳ ᠬᠡᠷᠡᠭ ᠢ ᠪᠠᠶᠢᠴᠠᠭᠠᠨ | ᠰᠶᠢᠳᠪᠦᠷᠢᠯᠡᠬᠦ ᠶᠢ ᠨᠥᠯᠥᠭᠡᠯᠡᠵᠦ ᠮᠡᠳᠡᠬᠦ︔ | | ︵ᠲᠠᠪᠤ︶ ᠬᠡᠷᠡᠭ ᠨᠢ ᠶᠠᠯ᠎ᠠ ᠲᠠᠢ ᠪᠠᠷ ᠰᠡᠵᠢᠭᠯᠡᠭᠳᠡᠬᠡᠳ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠬᠦᠯᠦᠨ | ᠭᠦᠷᠬᠡᠵᠦ ᠪᠠᠶᠢᠴᠠᠭᠠᠨ ᠰᠶᠢᠳᠪᠦᠷᠢᠯᠡᠬᠦ ᠴᠢᠬᠤᠯᠠᠳᠠᠢ ᠪᠤᠶᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠪᠠᠶᠢᠴᠠᠭᠠᠨ ᠰᠶᠢᠳᠪᠦᠷᠢᠯᠡᠵᠦ ᠪᠠᠶᠢᠭ᠎ᠠ︔ | | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠲᠤ ᠲᠤᠨᠨᠳᠠᠭᠠᠨᠨᠰᠠᠨ ᠢᠯᠡ | ᠪᠤᠯᠭᠠᠵᠦ ᠪᠤᠯᠬᠤ ᠦᠬᠡᠢ ᠪᠤᠰᠤᠳ ᠪᠠᠶᠢᠳᠠᠯ᠃ | | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠶᠢᠳᠬᠡᠯ | ᠲᠤᠷᠭᠠᠭᠤᠯᠢ ᠪᠠᠷ ᠲᠤᠨᠨᠳ᠋ᠬᠠᠰᠠᠨ ᠮᠡᠳᠡᠭᠡ ᠵᠠᠩᠭᠢ ᠶᠢ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ 7 ᠠᠵᠢᠯᠯᠠᠬᠤ | ᠡᠳᠦᠷ ᠤᠨ ᠳᠣᠲᠣᠷ᠎ᠠ ᠢᠯᠡ ᠪᠤᠯᠭᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠪᠤᠰᠤᠳ | ᠮᠡᠳᠡᠭᠡ ᠵᠠᠩᠭᠢ ᠶᠢ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠬᠤᠷᠢᠨ ᠠᠵᠢᠯᠯᠠᠬᠤ ᠡᠳᠦᠷ ᠤᠨ ᠳᠣᠲᠣᠷ᠎ᠠ ᠢᠯᠡ | ᠪᠤᠯᠭᠠᠬᠤ ᠬᠡᠷᠡᠭᠲᠡᠶ᠃ ᠢᠯᠡ ᠪᠤᠯᠭᠠᠬᠤ ᠬᠤᠭᠤᠴᠠᠭ᠎ᠠ ᠬᠢᠵᠠᠭᠠᠷ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ | ᠬᠡᠷᠡᠭᠵᠢᠬᠦᠯᠦᠨ᠎ᠠ᠃ | | ᠠᠷᠪᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠨ ᠮᠡᠳᠡᠭᠡ | ᠵᠠᠩᠭᠢ ᠳᠤ ᠬᠤᠪᠢᠷᠠᠯᠳᠠ ᠭᠠᠷᠤᠨᠨᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠴᠠᠭ | ᠲᠤᠬᠠᠶ ᠳᠤ ᠨᠢ ᠰᠢᠨᠡᠳᠬᠡᠬᠦ ᠬᠡᠷᠡᠭᠲᠡᠶ᠃ | | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ ᠠᠯᠳᠠᠭ᠎ᠠ ᠵᠠᠯᠠᠷᠠᠭᠤᠯᠬᠤ ᠲᠣᠭᠲᠠᠴᠠ ᠪᠠᠶᠢᠭᠤᠯᠬᠤ ᠬᠡᠷᠡᠭᠲᠡᠶ᠃ ᠨᠢᠬᠡᠨᠳᠡ | ᠢᠯᠡ ᠪᠤᠯᠭᠠᠨᠨᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠣᠭᠲᠠᠭᠠᠯ ᠨᠢ ᠬᠠᠤᠯᠢ ᠶᠣᠰᠣᠭᠠᠷ ᠭᠦᠴᠦᠨ ᠦᠭᠡᠢ | ᠪᠣᠯᠭᠠᠭᠳᠠᠭᠰᠠᠨ᠂ ᠬᠠᠤᠯᠢ ᠠᠴᠠ ᠵᠥᠷᠢᠴᠡᠭᠰᠡᠨ ᠢᠶᠠᠷ ᠨᠤᠲᠠᠯᠠᠭᠳᠠᠭᠰᠠᠨ ᠪᠤᠶᠤ ᠰᠢᠨ᠎ᠠ ᠪᠠᠷ ᠲᠤᠨᠨᠳᠠᠭᠠᠯᠭᠠᠬᠤ ᠪᠠᠷ | ᠱᠠᠭᠠᠷᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠤᠤᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠲᠣᠭᠲᠠᠭᠠᠯ ᠤᠨ ᠮᠡᠳᠡᠭᠡ ᠵᠠᠩᠭᠢ ᠪᠠᠨ ᠲᠠᠷᠤᠢ ᠲᠦᠷᠬᠡᠨ ᠭᠦᠴᠦᠨ ᠦᠬᠡᠢ | ᠪᠤᠯᠭᠠᠬᠤ ᠬᠡᠷᠡᠭᠲᠡᠶ᠃ | | ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠳᠦᠷᠢᠮ ᠢ ᠪᠠᠶᠢᠭᠤᠯᠵᠦ᠂ | ᠵᠢᠯ ᠪᠦᠷᠢ ᠶᠢᠨ ᠨᠢᠭᠡᠳᠦᠭᠡᠷ ᠰᠠᠷ᠎ᠠ ᠶᠢᠨ ᠭᠤᠴᠢᠨ ᠨᠢᠭᠡᠨ ᠤ ᠡᠳᠦᠷ ᠠᠴᠠ ᠡᠮᠦᠨ᠎ᠡ ᠠᠳᠠᠯᠢ ᠱᠠᠲᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠡᠭᠡᠷ᠎ᠡ ᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠭᠰᠡᠨ ᠪᠠᠶᠢᠳᠠᠯ ᠵᠢᠴᠢ ᠬᠤᠯᠪᠣᠭᠳᠠᠯ ᠪᠦᠬᠦᠢ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠬᠡᠷᠡᠭᠲᠡᠶ᠃ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠷᠢᠶᠠᠩᠭᠤᠶᠢᠯᠠᠨ ᠵᠠᠳᠠᠯᠤᠯᠳᠠ ᠬᠢᠭᠰᠡᠨ ᠤ | ᠳᠠᠷᠠᠭ᠎ᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | | ᠭᠤᠷᠪᠠᠳᠤᠭᠠᠷ ᠪᠦᠯᠦᠭ ᠬᠠᠤᠯᠢ ᠬᠡᠷᠡᠭᠵᠢᠬᠦᠯᠬᠦ ᠪᠦᠭᠦ ᠶᠠᠪᠤᠴᠠ ᠶᠢ ᠰᠢᠩᠬᠡᠬᠡᠨ ᠲᠡᠮᠳᠡᠭᠯᠡᠬᠦ | | ᠠᠷᠪᠠᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠦᠰᠦᠭ | ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ ᠪᠠᠷ ᠲᠡᠮᠳᠡᠭᠯᠡᠬᠦ ᠠᠷᠭ᠎ᠠ ᠮᠠᠶ᠋ᠢᠭ ᠢ ᠲᠣᠭᠲᠠᠭᠠᠯ ᠶᠤᠰᠤᠭᠠᠷ ᠬᠡᠷᠡᠭᠯᠡᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢᠨ ᠡᠬᠢᠯᠡᠭᠦᠯᠬᠦ᠂ ᠪᠠᠶᠢᠴᠠᠭᠠᠯᠳᠠ ᠬᠢᠵᠦ ᠭᠡᠷᠡᠴᠢ ᠠᠪᠬᠤ᠂ ᠬᠢᠨᠠᠨ | ᠬᠠᠷᠭᠤᠭᠤᠯᠵᠤ ᠲᠤᠨᠨᠳᠠᠭᠠᠬᠤ᠂ ᠬᠦᠷᠭᠡᠵᠦ ᠬᠡᠷᠡᠭᠵᠢᠭᠦᠯᠬᠦ ᠵᠡᠷᠭᠡ ᠪᠦᠬᠦ ᠶᠠᠪᠤᠴᠠ ᠶᠢ ᠰᠢᠩᠬᠡᠬᠡᠨ ᠲᠡᠮᠳᠡᠭᠯᠡᠬᠦ ᠬᠡᠷᠡᠭᠲᠡᠶ᠃ | | | | ᠠᠷᠪᠠᠨ ᠵᠢᠷᠭᠤᠳᠤᠭᠠᠷ ᠵᠦᠢᠯ ᠦᠰᠦᠭ ᠪᠢᠴᠢᠭ ᠢᠶᠠᠷ ᠲᠡᠮᠳᠡᠭᠯᠡᠬᠦ ᠪᠣᠯ ᠴᠠᠭᠠᠰᠤᠨ ᠪᠢᠴᠢᠭ ᠮᠠᠲ᠋ᠧᠷᠢᠶᠠᠯ | ᠪᠤᠶᠤ ᠡᠯᠧᠺᠳ᠋ᠷᠤᠨ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠯᠠᠭ᠎ᠠ ᠳᠤ ᠪᠦᠭᠦ ᠶᠠᠪᠤᠴᠠ ᠶᠢᠨ ᠲᠡᠮᠳᠡᠭᠯᠡᠯ ᠬᠢᠬᠦ ᠠᠷᠭ᠎ᠠ ᠮᠠᠶ᠋ᠢᠭ ᠪᠣᠯᠤᠨ᠎ᠠ᠃ ᠦᠰᠦᠭ ᠪᠢᠴᠢᠭ ᠢᠶᠠᠷ | ᠲᠡᠮᠳᠡᠭᠯᠡᠬᠦ ᠳᠤ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮᠳᠦ ᠪᠢᠴᠢᠭ ᠬᠠᠷ᠎ᠠ ᠶᠢᠨ ᠵᠣᠷᠪᠤᠰᠯᠢᠭ ᠢ | ᠬᠡᠷᠡᠭᠯᠡᠬᠦ ᠬᠡᠷᠡᠭᠲᠡᠶ᠂ ᠲᠡᠮᠳᠡᠭᠯᠡᠬᠦ ᠬᠦᠴᠦᠨ ᠵᠦᠢᠯ ᠳᠤ ᠴᠠᠭ ᠬᠤᠭᠤᠴᠠᠭ᠎ᠠ᠂ ᠭᠠᠵᠠᠷ ᠣᠷᠣᠨ᠂ ᠬᠠᠤᠯᠢ ᠬᠡᠷᠡᠭᠵᠢᠭᠦᠯᠬᠦ | ᠠᠵᠢᠯᠲᠠᠨ᠂ ᠬᠠᠤᠯᠢ ᠬᠡᠷᠡᠭᠵᠢᠭᠦᠯᠬᠦ ᠡᠲᠡᠭᠡᠳ᠂ ᠬᠠᠤᠯᠢ ᠬᠡᠷᠡᠭᠵᠢᠭᠦᠯᠬᠦ ᠠᠭᠤᠯᠭ᠎ᠠ᠂ ᠬᠠᠤᠯᠢ ᠬᠡᠷᠡᠭᠵᠢᠭᠦᠯᠬᠦ ᠶᠠᠪᠤᠴᠠ | ᠵᠡᠷᠭᠡ ᠮᠡᠳᠡᠭᠡ ᠵᠠᠩᠭᠢ ᠶᠢ ᠪᠠᠭᠲᠠᠭᠠᠬᠤ ᠬᠡᠷᠡᠭᠲᠡᠶ᠃ | | ᠠᠷᠪᠠᠨ ᠳᠣᠯᠣᠳᠤᠭᠠᠷ ᠵᠦᠢᠯ ᠳᠠᠭᠤ ᠳᠦᠷᠰᠦ ᠰᠢᠩᠭᠡᠭᠡᠯᠲᠡ ᠢᠶᠠᠷ ᠰᠢᠩᠬᠡᠬᠡᠨ ᠲᠡᠮᠳᠡᠭᠯᠡᠬᠦ ᠪᠣᠯ ᠭᠡᠷᠡᠯ | ᠵᠢᠷᠤᠭ ᠤᠨ ᠮᠠᠰᠢᠨ᠂ ᠳᠠᠭᠤ ᠰᠢᠩᠭᠡᠭᠡᠬᠦ ᠮᠠᠰᠢᠨ᠂ ᠳᠦᠷᠰᠦ ᠰᠢᠩᠭᠡᠭᠡᠬᠦ ᠮᠠᠰᠢᠨ᠂ ᠬᠠᠤᠯᠢ ᠬᠡᠷᠡᠭᠵᠢᠭᠦᠯᠬᠦ | ᠲᠡᠮᠳᠡᠭᠯᠡᠭᠦᠷ᠂ ᠬᠠᠤᠯᠢ ᠬᠡᠷᠡᠭᠵᠢᠭᠦᠯᠬᠦ ᠤᠶᠤᠨᠴᠢ ᠦᠵᠦᠭᠦᠷ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠰᠢᠬᠦ ᠵᠡᠷᠭᠡ | ᠰᠢᠩᠬᠡᠬᠡᠨ ᠲᠡᠮᠳᠡᠭᠯᠡᠬᠦ ᠲᠦᠭᠦᠬᠡᠷᠦᠮᠵᠢ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ | ᠲᠤᠬᠠᠢ ᠶᠢᠨ ᠴᠠᠭ ᠲᠤ ᠨᠢ ᠰᠢᠩᠬᠡᠬᠡᠨ ᠲᠡᠮᠳᠡᠭᠯᠡᠬᠦ ᠠᠷᠭ᠎ᠠ ᠮᠠᠶ᠋ᠢᠭ ᠪᠣᠯᠤᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠨᠢ ᠮᠠᠷᠭᠤᠯᠳᠤᠭᠠᠨ ᠡᠭᠦᠰᠬᠦ ᠪᠤᠯᠤᠮᠵᠢ ᠪᠦᠭᠦᠢ ᠠᠬᠤᠢ ᠲᠠᠯᠠᠪᠠᠢ ᠳᠤ ᠬᠠᠤᠯᠢ | ᠬᠡᠷᠡᠭᠵᠢᠭᠦᠯᠬᠦ᠂ ᠪᠠᠶᠢᠴᠠᠭᠠᠯᠳᠠ ᠬᠢᠵᠦ ᠭᠡᠷᠡᠴᠢ ᠠᠪᠬᠤ᠂ ᠭᠡᠷᠡᠴᠢᠯᠡᠭᠡ ᠰᠣᠨᠣᠰᠬᠤ᠂ ᠭᠦᠷᠬᠡᠯᠳᠡ ᠶᠢ ᠬᠤᠴᠤᠷᠭᠠᠨ | ᠠᠪᠬᠤ ᠪᠠ ᠠᠯᠪᠠᠨ ᠵᠠᠷ ᠬᠦᠷᠭᠡᠬᠦ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠠᠪᠤᠴᠠ ᠶᠢ ᠳᠠᠭᠤ ᠳᠦᠷᠰᠦ | ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠬᠡᠷᠡᠭᠲᠡᠶ᠃ ᠡᠳ᠋ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠬᠦ᠂ ᠦᠯᠡᠳᠡᠬᠡᠨ | ᠠᠪᠬᠤ ᠪᠠ ᠠᠯᠪᠠᠲᠠᠨ ᠨᠤᠷᠠᠭᠠᠯᠭᠠᠬᠤ ᠵᠡᠷᠭᠡ ᠬᠥᠮᠦᠨ ᠤ ᠪᠡᠶ᠎ᠡ ᠶᠢᠨ ᠡᠷᠬᠡ ᠴᠢᠯᠥᠭᠡ᠂ ᠠᠮᠢ ᠨᠠᠰᠤᠨ ᠤ ᠡᠷᠡᠭᠦᠯ | ᠮᠡᠨᠳᠦ᠂ ᠡᠳ᠋ ᠬᠥᠷᠥᠩᠭᠡ ᠶᠢᠨ ᠴᠢᠬᠤᠯᠠ ᠶᠡᠭᠡ ᠡᠷᠬᠡ ᠠᠰᠢᠭ ᠲᠤ ᠰᠢᠭᠤᠳ ᠬᠤᠯᠪᠣᠭᠳᠠᠭᠰᠠᠨ ᠠᠬᠤᠢ ᠲᠠᠯᠠᠪᠠᠢ ᠶᠢᠨ | ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠠᠤᠯᠢ ᠬᠡᠷᠡᠭᠵᠢᠬᠦᠯᠵᠦ ᠬᠡᠷᠡᠭ ᠰᠶᠢᠳᠪᠦᠷᠢᠯᠡᠬᠦ ᠲᠠᠯᠠᠪᠤᠷ ᠭᠠᠵᠠᠷ ᠤᠨ ᠪᠥᠬᠦ | ᠶᠠᠪᠤᠴᠠ ᠶᠢ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠬᠡᠷᠡᠭᠲᠡᠶ᠃ | | ᠠᠷᠪᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠳᠠᠭᠤ | ᠳᠦᠷᠰᠦ ᠰᠢᠩᠬᠡᠬᠡᠯᠳᠡ ᠪᠠᠷ ᠰᠢᠩᠬᠡᠬᠡᠨ ᠲᠡᠮᠳᠡᠭᠯᠡᠬᠦ ᠳᠤ ᠪᠠᠨ ᠳᠣᠤᠷᠠᠬᠢ ᠠᠭᠤᠯᠭ᠎ᠠ ᠶᠢ ᠭᠤᠤᠯᠳᠠᠯᠭ᠎ᠠ ᠲᠠᠢ ᠰᠢᠩᠬᠡᠬᠡᠨ | ᠲᠡᠮᠳᠡᠭᠯᠡᠬᠦ ᠬᠡᠷᠡᠭᠲᠡᠶ᠄ | | ︵ᠨᠢᠬᠡ︶ ᠠᠬᠤᠢ ᠲᠠᠯᠠᠪᠠᠢ ᠶᠢᠨ ᠬᠠᠤᠯᠢ ᠬᠡᠷᠡᠭᠵᠢᠬᠦᠯᠬᠦ ᠤᠷᠴᠢᠨ ᠨᠦᠭᠦᠴᠡᠯ ᠵᠢᠴᠢ ᠬᠠᠤᠯᠢ ᠬᠡᠷᠡᠭᠵᠢᠬᠦᠯᠬᠦ | ᠠᠵᠢᠯᠳᠠᠨ ᠬᠡᠷᠡᠴᠢ ᠦᠨᠡᠮᠯᠡᠯ ᠢᠶᠠᠨ ᠦᠵᠡᠬᠦᠯᠦᠭᠰᠡᠨ᠂ ᠡᠷᠬᠡ ᠠᠰᠢᠭ ᠪᠠ ᠡᠭᠦᠷᠬᠡ ᠬᠠᠷᠢᠭᠤᠴᠠᠯᠭ᠎ᠠ ᠶᠢ ᠨᠢ | ᠮᠡᠳᠡᠭᠳᠡᠭᠰᠡᠨ ᠪᠠᠶᠢᠳᠠᠯ︔ | | ︵ᠬᠤᠶᠠᠷ︶ ᠲᠤᠬᠠᠶ ᠶᠢᠨ ᠬᠥᠮᠦᠨ᠂ ᠭᠡᠷᠡᠴᠢᠯᠡᠭᠴᠢ ᠵᠡᠷᠭᠡ ᠠᠬᠤᠢ ᠲᠠᠯᠠᠪᠠᠢ ᠶᠢᠨ ᠬᠤᠯᠪᠣᠭᠳᠠᠯ ᠪᠦᠬᠦᠢ ᠭᠦᠮᠦᠰ ᠤᠨ | ᠳᠦᠷᠢ ᠲᠥᠷᠬᠦ ᠶᠢᠨ ᠣᠨᠴᠠᠯᠢᠭ ᠰᠢᠨᠵᠢ ᠪᠠ ᠦᠭᠡ ᠶᠠᠷᠢᠶ᠎ᠠ ᠬᠥᠳᠡᠯᠦᠯ ᠪᠠᠷᠢᠯ︔ | | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠰᠤᠳᠤᠯᠤᠨ ᠪᠠᠶᠢᠴᠠᠭᠠᠯᠳᠠ ᠬᠢᠭᠰᠡᠨ᠂ | ᠪᠠᠶᠢᠴᠠᠭᠠᠨᠨᠰᠠᠨ ᠪᠠ ᠬᠡᠷᠡᠴᠢ ᠠᠪᠤᠨᠨᠰᠠᠨ ᠪᠠᠶᠢᠳᠠᠯ︔ | | ︵ᠲᠦᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠠᠢ ᠬᠠᠮᠢᠶ᠎ᠠ ᠪᠦᠭᠦᠢ ᠴᠢᠬᠤᠯᠠ ᠡᠳ᠋ ᠪᠤᠳᠠᠰ ᠵᠢᠴᠢ | ᠪᠤᠰᠤᠳ ᠬᠡᠷᠡᠴᠢ ᠪᠠᠷᠢᠮᠳᠠ︔ | | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠬᠤᠯᠪᠤᠨᠨᠳᠠᠬᠤ ᠭᠦᠮᠦᠨ ᠬᠠᠷ᠎ᠠ᠂ ᠡᠳ᠋ | ᠬᠤᠨᠨᠰᠢᠯ ᠳᠤ ᠠᠷᠭ᠎ᠠ ᠬᠡᠮᠵᠢᠶ᠎ᠡ ᠠᠪᠤᠨᠨᠰᠠᠨ ᠪᠠᠶᠢᠳᠠᠯ︔ | | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠳ ᠠᠬᠤᠢ ᠲᠠᠯᠠᠪᠠᠢ ᠳᠤ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠬᠦ ᠪᠢᠴᠢᠭ ᠬᠠᠷ᠎ᠠ ᠶᠢ ᠵᠤᠬᠢᠶᠠᠬᠤ ᠪᠠ ᠭᠦᠷᠬᠡᠵᠦ ᠭᠠᠷᠳᠠᠭᠤᠯᠤᠨᠨᠰᠠᠨ ᠪᠠᠶᠢᠳᠠᠯ︔ | | ︵ᠲᠤᠯᠤᠭ᠎ᠠ︶ ᠰᠢᠩᠬᠡᠬᠡᠨ ᠲᠡᠮᠳᠡᠭᠯᠡᠬᠦ ᠴᠢᠬᠤᠯᠠᠳᠠᠢ ᠪᠤᠰᠤᠳ ᠠᠭᠤᠯᠭ᠎ᠠ᠃ | | ᠲᠠᠭᠤ ᠲᠦᠷᠰᠦ ᠰᠢᠩᠬᠡᠬᠡᠯᠳᠡ ᠪᠠᠷ ᠰᠢᠩᠬᠡᠬᠡᠨ ᠲᠡᠮᠳᠡᠭᠯᠡᠬᠦ ᠳᠤ ᠪᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠬᠦ ᠠᠵᠢᠯᠳᠠᠨ ᠪᠤᠯᠤᠨ ᠲᠤᠬᠠᠢ ᠶᠢᠨ ᠭᠦᠮᠦᠨ ᠤ ᠬᠤᠶᠠᠷ ᠲᠠᠯ᠎ᠠ ᠶᠢᠨ ᠬᠢ ᠪᠠᠶᠢᠳᠠᠯ ᠢ ᠵᠡᠷᠬᠡ ᠳᠤ ᠨᠢ | ᠰᠢᠩᠬᠡᠬᠡᠨ ᠲᠡᠮᠳᠡᠭᠯᠡᠭᠰᠡᠨ ᠪᠠᠶᠢᠬᠤ ᠬᠡᠷᠡᠭᠳᠡᠢ᠃ | | ᠠᠷᠪᠠ ᠶᠢᠰᠦᠳᠦᠭᠡᠷ ᠵᠦᠢᠯ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠠᠴᠠ ᠡᠮᠦᠨ᠎ᠡ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠳ ᠲᠥᠬᠦᠭᠡᠷᠦᠮᠵᠢ ᠪᠠᠨ ᠪᠠᠶᠢᠴᠠᠭᠠᠵᠤ᠂ ᠲᠤᠬᠠᠶ ᠶᠢᠨ | ᠬᠥᠮᠦᠨ ᠳᠤ ᠮᠡᠳᠡᠭᠳᠡᠬᠦ ᠶᠢᠨ ᠬᠠᠮᠳᠤ ᠴᠠᠭ᠂ ᠭᠠᠵᠠᠷ᠂ ᠬᠠᠤᠯᠢ ᠬᠡᠷᠡᠭᠵᠢᠭᠦᠯᠬᠦ ᠤᠴᠢᠷ ᠰᠢᠯᠲᠠᠭᠠᠨ ᠢᠶᠠᠨ | ᠲᠤᠳᠤᠷᠬᠠᠶᠢᠯᠠᠬᠤ ᠬᠡᠷᠡᠭᠲᠡᠶ᠃ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠳᠤ ᠠᠬᠤᠢ ᠲᠠᠯᠠᠪᠠᠢ ᠳᠤ | ᠡᠬᠢᠯᠡᠵᠦ ᠬᠠᠤᠯᠢ ᠬᠡᠷᠡᠭᠵᠢᠬᠦᠯᠦᠭᠰᠡᠨ ᠠᠴᠠ ᠠᠬᠤᠢ ᠲᠠᠯᠠᠪᠠᠢ ᠳᠤ ᠬᠠᠤᠯᠢ ᠬᠡᠷᠡᠭᠵᠢᠬᠦᠯᠵᠦ ᠳᠠᠭᠤᠰᠲᠠᠯ᠎ᠠ ᠲᠠᠰᠤᠯᠳᠠᠯ | ᠦᠬᠡᠢ ᠶᠠᠪᠤᠭᠳᠠᠬᠤ ᠬᠡᠷᠡᠭᠳᠡᠢ᠃ | | ᠲᠥᠬᠦᠭᠡᠷᠦᠮᠵᠢ ᠶᠢᠨ ᠰᠠᠭᠠᠳ ᠲᠤᠳᠬᠠᠷ᠂ ᠠᠭᠤᠷ ᠠᠮᠢᠰᠬᠤᠯ ᠤᠨ ᠤᠷᠰᠢᠭ᠂ ᠵᠣᠷᠢᠭᠤᠳᠠ ᠬᠠᠷᠰᠢᠯᠠᠭᠰᠠᠨ | ᠵᠡᠷᠭᠡ ᠪᠤᠰᠤᠳᠴᠢ ᠰᠢᠯᠲᠠᠭ᠎ᠠ ᠠᠴᠠ ᠪᠤᠯᠵᠤ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠶᠢ | ᠲᠠᠰᠤᠯᠳᠠᠭᠤᠯᠤᠭᠰᠠᠨ ᠪᠠᠶᠢᠪᠠᠯ᠂ ᠲᠠᠬᠢᠵᠦ ᠰᠢᠩᠬᠡᠬᠡᠨ ᠲᠡᠮᠳᠡᠭᠯᠡᠬᠦ ᠳᠤ ᠪᠠᠨ ᠲᠠᠰᠤᠯᠳᠠᠭᠰᠠᠨ ᠰᠢᠯᠲᠠᠭᠠᠨ ᠤ ᠲᠤᠬᠠᠶ | ᠠᠪᠢᠶ᠎ᠠ ᠪᠠᠷ ᠲᠤᠳᠤᠷᠬᠠᠶᠢᠯᠠᠬᠤ ᠬᠡᠷᠡᠭᠲᠡᠶ︔ ᠦᠨᠡᠬᠡᠷ ᠦᠷᠭᠦᠯᠵᠢᠯᠡᠨ ᠰᠢᠩᠬᠡᠬᠡᠨ ᠲᠡᠮᠳᠡᠭᠯᠡᠬᠦ ᠶᠢᠨ ᠠᠷᠭ᠎ᠠ ᠦᠭᠡᠢ | ᠪᠤᠯᠤᠨᠨᠰᠠᠨ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ | ᠮᠡᠳᠡᠭᠦᠯᠬᠦ ᠶᠢᠨ ᠬᠠᠮᠲᠤ᠂ ᠠᠬᠤᠢ ᠲᠠᠯᠠᠪᠠᠢ ᠳᠤ ᠬᠠᠤᠯᠢ ᠬᠡᠷᠡᠭᠵᠢᠬᠦᠯᠵᠦ ᠳᠠᠭᠤᠰᠤᠭᠰᠠᠨ ᠤ ᠳᠠᠷᠠᠭ᠎ᠠ ᠪᠠᠶᠢᠳᠠᠯ ᠢᠶᠠᠨ | ᠪᠢᠴᠢᠭ ᠢᠶᠠᠷ ᠲᠣᠳᠣᠷᠬᠠᠶᠢᠯᠠᠬᠤ ᠬᠡᠷᠡᠭᠲᠡᠶ᠃ | | ᠬᠤᠷᠢᠳᠤᠭᠠᠷ ᠵᠦᠢᠯ ᠲᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠭᠰᠡᠨ ᠤ ᠳᠠᠷᠠᠭ᠎ᠠ᠂ ᠬᠠᠤᠯᠢ | ᠬᠡᠷᠡᠭᠵᠢᠬᠦᠯᠬᠦ ᠠᠵᠢᠯᠳᠠᠳ ᠲᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠭᠰᠡᠨ ᠮᠡᠳᠡᠭᠡ ᠵᠠᠩᠭᠢ ᠪᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠵᠦ ᠬᠡᠷᠡᠭ ᠰᠶᠢᠳᠪᠦᠷᠢᠯᠡᠬᠦ | ᠰᠢᠰᠲ᠋ᠧᠮ ᠳᠤ ᠬᠤᠷᠢᠨ ᠳᠥᠷᠪᠡᠨ ᠴᠠᠭ ᠤᠨ ᠳᠣᠲᠣᠷ᠎ᠠ ᠳᠠᠮᠵᠢᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠵᠦ ᠬᠡᠷᠡᠭ | ᠰᠶᠢᠳᠪᠦᠷᠢᠯᠡᠬᠦ ᠰᠢᠰᠲ᠋ᠧᠮ ᠨᠢ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ | ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠯᠦᠭᠡ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠳᠡᠷᠡᠯᠴᠡᠬᠦ ᠬᠡᠷᠡᠭᠲᠡᠶ᠃ | | ᠦᠷᠭᠦᠯᠵᠢᠯᠡᠨ ᠬᠠᠤᠯᠢ ᠬᠡᠷᠡᠭᠵᠢᠭᠦᠯᠬᠦ᠂ ᠣᠨᠳᠣᠤ ᠭᠠᠵᠠᠷ ᠲᠤ ᠬᠠᠤᠯᠢ ᠬᠡᠷᠡᠭᠵᠢᠭᠦᠯᠬᠦ ᠪᠤᠶᠤ ᠠᠯᠤᠰ | ᠬᠡᠳᠦ ᠶᠢᠨ ᠬᠢᠯᠢ ᠬᠢᠵᠠᠭᠠᠷ ᠤᠷᠤᠨ᠂ ᠤᠰᠤᠨ ᠳᠡᠭᠡᠷ᠎ᠡ᠂ ᠵᠠᠮ ᠬᠠᠷᠢᠯᠴᠠᠭ᠎ᠠ ᠳᠥᠭᠦᠮ ᠲᠦᠳᠡ ᠦᠭᠡᠢ ᠭᠠᠵᠠᠷ | ᠣᠷᠣᠨ ᠳᠤ ᠬᠠᠤᠯᠢ ᠬᠡᠷᠡᠭᠵᠢᠭᠦᠯᠦᠭᠰᠡᠨ ᠠᠴᠠ ᠪᠣᠯᠵᠤ᠂ ᠲᠣᠭᠲᠠᠭᠰᠠᠨ ᠴᠠᠭ ᠬᠢᠵᠠᠭᠠᠷ ᠤᠨ ᠳᠣᠲᠣᠷ᠎ᠠ ᠳᠠᠭᠤ | ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠭᠰᠡᠨ ᠮᠡᠳᠡᠭᠡ ᠵᠠᠩᠭᠢ ᠪᠠᠨ ᠳᠠᠮᠵᠢᠭᠤᠯᠬᠤ ᠶᠢᠨ ᠠᠷᠭ᠎ᠠ ᠦᠭᠡᠢ | ᠪᠤᠯᠤᠨᠨᠰᠠᠨ ᠪᠠᠶᠢᠪᠠᠯ᠂ ᠨᠥᠬᠦᠴᠡᠯ ᠪᠦᠷᠢᠳᠦᠭᠰᠡᠨ ᠤ ᠳᠠᠷᠠᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠳ | ᠲᠠᠷᠦ᠋ᠢᠬᠠᠨ ᠲᠡᠮᠵᠢᠭᠤᠯᠬᠤ ᠬᠡᠷᠡᠭᠲᠡᠶ᠃ | | ᠬᠤᠷᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠳᠠᠭᠤ ᠳᠦᠷᠰᠦ ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠲᠥᠬᠦᠭᠡᠷᠦᠮᠵᠢ | ᠲᠣᠬᠢᠷᠠᠭᠤᠯᠵᠤ᠂ ᠠᠰᠠᠭᠤᠨ ᠯᠠᠪᠯᠠᠬᠤ ᠭᠡᠷ ᠪᠠ ᠭᠡᠷᠡᠴᠢᠯᠡᠭᠡ ᠰᠣᠨᠣᠰᠬᠤ ᠭᠡᠷ ᠵᠡᠷᠭᠡ ᠳᠠᠭᠤ ᠳᠦᠷᠰᠦ | ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠬᠦ ᠲᠠᠯᠠᠪᠤᠷ ᠭᠠᠵᠠᠷ ᠢ ᠪᠠᠶᠢᠭᠤᠯᠬᠤ ᠬᠡᠷᠡᠭᠲᠡᠶ᠃ | | ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠦᠭᠰᠡᠨ ᠪᠦᠬᠦ ᠶᠠᠪᠤᠴᠠ ᠶᠢᠨ ᠦᠰᠦᠭ ᠪᠢᠴᠢᠭ ᠤᠨ ᠲᠡᠮᠳᠡᠭᠯᠡᠯ ᠪᠠ ᠳᠠᠭᠤ ᠳᠦᠷᠰᠦ | ᠰᠢᠩᠭᠡᠭᠡᠯᠲᠡ ᠪᠠᠷ ᠰᠢᠩᠬᠡᠬᠡᠨ ᠲᠡᠮᠳᠡᠭᠯᠡᠭᠰᠡᠨ ᠮᠠᠲ᠋ᠧᠷᠢᠶᠠᠯ ᠢᠶᠠᠨ ᠬᠠᠤᠯᠢ ᠶᠣᠰᠣᠭᠠᠷ ᠬᠠᠳᠠᠭᠠᠯᠠᠬᠤ ᠬᠡᠷᠡᠭᠲᠡᠶ᠃ | | ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ | ᠬᠤᠯᠪᠣᠭᠳᠠᠯ ᠪᠦᠬᠦᠢ ᠠᠵᠢᠯᠲᠠᠨ ᠨᠢ ᠬᠠᠤᠯᠢ ᠬᠡᠷᠡᠭᠵᠢᠬᠦᠯᠦᠭᠰᠡᠨ ᠶᠠᠪᠤᠴᠠ ᠶᠢᠨ ᠠᠩᠬᠠᠨ ᠤ ᠲᠡᠮᠳᠡᠭᠯᠡᠯ ᠢ | ᠬᠠᠭᠤᠷᠮᠬᠠᠯᠠᠨ ᠵᠤᠬᠢᠶᠠᠬᠤ᠂ ᠵᠠᠰᠠᠪᠤᠷᠢ ᠤᠷᠤᠭᠤᠯᠬᠤ᠂ ᠨᠠᠶᠢᠷᠠᠭᠤᠯᠬᠤ᠂ ᠡᠰᠬᠡᠬᠦ ᠪᠠ ᠬᠠᠰᠤᠵᠤ ᠬᠠᠶᠠᠵᠦ ᠪᠣᠯᠬᠤ | ᠦᠭᠡᠶ᠂ ᠬᠠᠤᠯᠢ ᠪᠠᠷ ᠲᠣᠭᠲᠠᠭᠠᠭᠰᠠᠨ ᠬᠠᠳᠠᠭᠠᠯᠠᠬᠤ ᠬᠤᠭᠤᠴᠠᠭ᠎ᠠ ᠬᠢᠵᠠᠭᠠᠷ ᠤᠨ ᠳᠣᠲᠣᠷ᠎ᠠ ᠦᠰᠦᠭ ᠪᠢᠴᠢᠭ ᠤᠨ | ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠤᠰᠠᠳᠬᠠᠵᠤ ᠪᠣᠯᠬᠤ ᠦᠭᠡᠶ᠃ | | ᠬᠤᠷᠢᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠰᠦᠭ ᠪᠢᠴᠢᠭ ᠤᠨ | ᠲᠡᠮᠳᠡᠭᠯᠡᠯ ᠪᠠ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠨᠢ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠳᠤ ᠬᠤᠯᠪᠤᠨᠨᠳ᠋ᠬᠠᠰᠠᠨ ᠪᠠᠶᠢᠪᠠᠯ᠂ ᠨᠢᠭᠤᠴᠠ ᠶᠢ | ᠬᠠᠮᠠᠭᠠᠯᠠᠬᠤ ᠠᠵᠢᠯ ᠤᠨ ᠬᠤᠯᠪᠤᠨᠨᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ | ᠬᠢᠨᠠᠨ ᠪᠠᠶᠢᠴᠠᠭᠠᠬᠤ᠂ ᠰᠢᠭᠦᠨ ᠲᠠᠰᠤᠯᠬᠤ᠂ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠬᠢᠨᠠᠨ ᠪᠤᠳᠤᠬᠤ ᠵᠡᠷᠬᠡ | ᠲᠦᠷᠦ ᠶᠢᠨ ᠪᠠᠶᠢᠭᠤᠯᠭ᠎ᠠ ᠨᠢ ᠬᠡᠷᠡᠭ ᠰᠶᠢᠳᠪᠦᠷᠢᠯᠡᠬᠦ ᠬᠡᠷᠡᠭᠴᠡᠭᠡ ᠠᠴᠠ ᠪᠤᠯᠵᠤ᠂ ᠬᠠᠮᠢᠶ᠎ᠠ ᠪᠦᠬᠦᠢ ᠬᠡᠷᠡᠭ ᠤᠨ ᠬᠠᠤᠯᠢ | ᠬᠡᠷᠡᠭᠵᠢᠭᠦᠯᠦᠭᠰᠡᠨ ᠶᠠᠪᠤᠴᠠ ᠶᠢᠨ ᠲᠡᠮᠳᠡᠭᠯᠡᠯ ᠢ ᠬᠠᠤᠯᠢ ᠶᠣᠰᠣᠭᠠᠷ ᠠᠪᠴᠤ ᠦᠵᠡᠬᠦ ᠪᠠ ᠬᠠᠭᠤᠯᠠᠪᠤᠷᠢᠯᠠᠬᠤ ᠳᠤ | ᠭᠦᠷᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠪᠰᠤᠷᠤᠨ ᠬᠠᠩᠭᠠᠬᠤ ᠬᠡᠷᠡᠭᠲᠡᠶ᠃ | | ᠲᠤᠬᠠᠶ ᠶᠢᠨ ᠬᠥᠮᠦᠨ᠂ ᠠᠰᠢᠭ ᠬᠤᠤᠷ ᠤᠨ ᠬᠠᠷᠢᠴᠠᠭ᠎ᠠ ᠲᠠᠢ ᠭᠦᠮᠦᠰ ᠨᠢ ᠲᠡᠭᠦᠨ ᠯᠦᠭᠡ ᠬᠤᠯᠪᠣᠭᠳᠠᠬᠤ | ᠬᠠᠤᠯᠢ ᠬᠡᠷᠡᠭᠵᠢᠬᠦᠯᠦᠭᠰᠡᠨ ᠶᠠᠪᠤᠴᠠ ᠶᠢᠨ ᠲᠡᠮᠳᠡᠭᠯᠡᠯ ᠢ ᠪᠠᠶᠢᠴᠠᠭᠠᠨ ᠦᠵᠡᠬᠦ᠂ ᠬᠠᠭᠤᠯᠠᠪᠤᠷᠢᠯᠠᠬᠤ ᠪᠠᠷ ᠱᠠᠭᠠᠷᠳᠠᠭᠰᠠᠨ | ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠪᠰᠤᠷᠤᠨ ᠬᠠᠩᠭᠠᠬᠤ ᠬᠡᠷᠡᠭᠲᠡᠶ᠃ | | ᠲᠦᠷᠪᠡᠳᠦᠬᠡᠷ ᠪᠦᠯᠦᠭ ᠬᠠᠤᠯᠢ ᠬᠡᠷᠡᠭᠵᠢᠬᠦᠯᠬᠦ ᠴᠢᠬᠤᠯᠠ ᠶᠡᠭᠡ ᠲᠤᠨᠨᠳᠠᠭᠠᠯ ᠤᠨ ᠬᠠᠤᠯᠢ ᠲᠦᠷᠢᠮ ᠤᠨ | ᠬᠢᠨᠠᠨ ᠬᠠᠷᠭᠤᠭᠤᠯᠤᠯᠳᠠ | | ᠬᠤᠷᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ | ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠭᠠᠷᠭᠠᠬᠤ ᠠᠴᠠ ᠪᠠᠨ ᠡᠮᠦᠨ᠎ᠡ᠂ ᠬᠠᠤᠯᠢ ᠳᠦᠷᠢᠮ ᠤᠨ ᠬᠢᠨᠠᠨ | ᠬᠠᠷᠭᠤᠭᠤᠯᠤᠯᠳᠠ ᠬᠢᠬᠦ ᠬᠡᠷᠡᠭᠲᠡᠶ᠃ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ | ᠪᠠᠳᠤᠯᠬᠠᠳ᠋ᠬᠠᠰᠠᠨ ᠦᠭᠡᠢ ᠪᠠᠶᠢᠪᠠᠯ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠭᠠᠷᠭᠠᠵᠤ ᠪᠣᠯᠬᠤ ᠦᠭᠡᠢ᠃ | | ᠬᠤᠷᠢᠨ ᠵᠢᠷᠭᠤᠳᠤᠭᠠᠷ ᠵᠦᠢᠯ ᠲᠤᠤᠷᠠᠬᠢ ᠪᠠᠶᠢᠳᠠᠯ ᠠᠴᠠ ᠨᠢᠬᠡ ᠨᠢ ᠪᠠᠶᠢᠬᠤ ᠬᠠᠤᠯᠢ ᠬᠡᠷᠡᠭᠵᠢᠬᠦᠯᠬᠦ | ᠲᠤᠨᠨᠳᠠᠭᠠᠯ ᠢ ᠬᠠᠤᠯᠢ ᠲᠦᠷᠢᠮ ᠢᠶᠠᠷ ᠬᠢᠨᠠᠨ ᠬᠠᠷᠭᠤᠭᠤᠯᠤᠯᠳᠠ ᠬᠢᠬᠦ ᠬᠡᠷᠡᠭᠳᠡᠢ᠄ | | ︵ᠨᠢᠭᠡ︶ ᠤᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠭᠰᠠᠨ︔ | | ︵ᠬᠤᠶᠠᠷ︶ ᠬᠦᠨᠳᠦ ᠶᠡᠭᠡ ᠨᠡᠶᠢᠭᠡᠮ ᠤᠨ ᠨᠥᠯᠥᠭᠡ ᠭᠠᠷᠭᠠᠵᠤ ᠮᠡᠳᠡᠬᠦ ᠪᠤᠶᠤ ᠨᠡᠶᠢᠭᠡᠮ ᠤᠨ ᠲᠦᠭᠰᠢᠭᠦᠷᠢ | ᠡᠭᠦᠰᠬᠡᠭᠰᠡᠨ︔ | | ︵ᠭᠤᠷᠪᠠ︶ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠤᠶᠤ ᠭᠤᠷᠪᠠᠳᠠᠬᠢ ᠬᠥᠮᠦᠨ ᠤ ᠴᠢᠬᠤᠯᠠ ᠶᠡᠭᠡ ᠡᠷᠬᠡ | ᠠᠰᠢᠭ ᠲᠤ ᠰᠢᠭᠤᠳ ᠬᠤᠯᠪᠣᠭᠳᠠᠭᠰᠠᠨ︔ | | ︵ᠲᠦᠷᠪᠡ︶ ᠭᠡᠷᠡᠴᠢᠯᠡᠭᠡ ᠰᠣᠨᠣᠰᠬᠤ ᠲᠡᠰ ᠲᠠᠷᠠᠭᠠᠯᠠᠯ ᠢᠶᠠᠷ ᠲᠠᠮᠵᠢᠭᠠᠳ ᠭᠠᠷᠭᠠᠭᠰᠠᠨ︔ | | ︵ᠲᠠᠪᠤ︶ ᠬᠡᠷᠡᠭ ᠤᠨ ᠪᠠᠶᠢᠳᠠᠯ ᠨᠢ ᠭᠦᠴᠢᠷ ᠲᠦᠪᠡᠭᠳᠡᠢ ᠪᠦᠬᠡᠳ ᠪᠤᠳᠤᠯᠢᠶᠠᠨᠲᠠᠶ ᠪᠠᠶᠢᠵᠤ᠂ ᠬᠠᠤᠯᠢ ᠴᠠᠭᠠᠵᠠ ᠶᠢᠨ | ᠤᠯᠠᠨ ᠬᠠᠷᠢᠴᠠᠭ᠎ᠠ ᠳᠤ ᠬᠤᠯᠪᠣᠭᠳᠠᠭᠰᠠᠨ︔ | | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠲᠤ ᠲᠣᠭᠲᠠᠭᠠᠭᠰᠠᠨ ᠬᠠᠤᠯᠢ | ᠲᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠳᠡᠢ ᠬᠠᠤᠯᠢ ᠬᠡᠷᠡᠭᠵᠢᠭᠦᠯᠬᠦ ᠪᠤᠰᠤᠳ ᠲᠣᠭᠲᠠᠭᠠᠯ᠃ | | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ | ᠬᠡᠷᠡᠭᠵᠢᠭᠦᠯᠬᠦ ᠱᠠᠲᠤ ᠲᠡᠰ᠂ ᠬᠠᠷᠢᠶᠠᠯᠬᠠᠳᠠᠬᠤ ᠬᠦᠷᠢᠶ᠎ᠡ ᠴᠠᠷᠠᠭ᠎ᠠ᠂ ᠬᠡᠷᠡᠭ ᠲᠤ ᠬᠤᠯᠪᠤᠨᠨᠳ᠋ᠬᠠᠰᠠᠨ ᠵᠣᠭᠤᠰ ᠤᠨ | ᠲᠤᠭ᠎ᠠ ᠵᠡᠷᠭᠡ ᠬᠦᠴᠦᠨ ᠵᠦᠢᠯ ᠢ ᠦᠨᠳᠦᠰᠦᠯᠡᠵᠦ᠂ ᠲᠣᠰ ᠰᠢᠰᠲ᠋ᠧᠮ ᠤᠨ ᠢᠶᠠᠨ ᠬᠠᠤᠯᠢ ᠬᠡᠷᠡᠭᠵᠢᠭᠦᠯᠬᠦ ᠴᠢᠬᠤᠯᠠ | ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠳᠠ ᠶᠢᠨ ᠵᠦᠢᠯᠡᠰ ᠪᠠ ᠪᠠᠷᠢᠮᠵᠢᠶ᠎ᠠ ᠶᠢ | ᠲᠣᠭᠲᠠᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠶ᠃ | | ᠬᠤᠷᠢᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ | ᠬᠡᠷᠡᠭᠵᠢᠬᠦᠯᠬᠦ ᠬᠡᠷᠡᠭ ᠭᠦᠢᠴᠡᠳᠬᠡᠬᠦ ᠶᠢ ᠬᠠᠤᠯᠢ ᠳᠦᠷᠢᠮ ᠤᠨ ᠬᠢᠨᠠᠨ ᠬᠠᠷᠭᠤᠭᠤᠯᠤᠯᠳᠠ ᠯᠤᠭ᠎ᠠ ᠰᠠᠯᠭᠠᠬᠤ ᠵᠠᠷᠴᠢᠮ | ᠶᠣᠰᠣᠭᠠᠷ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ | ᠬᠠᠷᠭᠤᠭᠤᠯᠤᠯᠳᠠ ᠶᠢᠨ ᠪᠠᠶᠢᠭᠤᠯᠤᠮᠵᠢ ᠪᠠᠨ ᠲᠣᠳᠣᠷᠬᠠᠶᠢᠯᠠᠬᠤ ᠬᠡᠷᠡᠭᠲᠡᠶ᠃ | | ᠬᠤᠷᠢᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠤᠯᠤᠰ ᠤᠨ | ᠬᠤᠯᠪᠤᠨᠨᠳᠠᠯ ᠪᠦᠬᠦᠢ ᠲᠣᠭᠲᠠᠭᠠᠯ ᠢ ᠦᠨᠳᠦᠰᠦᠯᠡᠨ ᠠᠵᠢᠯ ᠤᠨ ᠬᠡᠷᠡᠭᠴᠡᠭᠡ ᠳᠤ ᠲᠣᠬᠢᠷᠠᠭᠰᠠᠨ ᠬᠠᠤᠯᠢ ᠳᠦᠷᠢᠮ ᠤᠨ | ᠬᠢᠨᠠᠨ ᠬᠠᠷᠭᠤᠭᠤᠯᠤᠨᠨᠴᠢ ᠶᠢ ᠲᠣᠬᠢᠷᠠᠭᠤᠯᠬᠤ ᠬᠡᠷᠡᠭᠲᠡᠶ᠃ ᠬᠠᠤᠯᠢ ᠲᠦᠷᠢᠮ ᠤᠨ ᠬᠢᠨᠠᠨ ᠬᠠᠷᠭᠤᠭᠤᠯᠬᠤ ᠠᠵᠢᠯ ᠢ | ᠠᠩᠬ᠎ᠠ ᠭᠠᠷᠳᠠᠵᠦ ᠬᠢᠬᠦ ᠠᠵᠢᠯᠳᠠᠳ ᠤᠯᠤᠰ ᠤᠨ ᠨᠢᠬᠡᠳᠦᠯᠳᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ | ᠬᠡᠮ ᠢ ᠣᠯᠤᠭᠰᠠᠨ ᠪᠠᠶᠢᠬᠤ ᠬᠡᠷᠡᠭᠲᠡᠶ᠃ | | ᠬᠤᠷᠢ ᠶᠢᠰᠦᠳᠦᠭᠡᠷ ᠵᠦᠢᠯ ᠬᠠᠤᠯᠢ ᠬᠡᠷᠡᠭᠵᠢᠭᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠨᠢ ᠬᠠᠤᠯᠢ | ᠲᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠳᠤ ᠬᠢᠨᠠᠨ ᠬᠠᠷᠭᠤᠭᠤᠯᠬᠤ ᠪᠠᠨ ᠲᠤᠷᠠᠳᠤᠨ ᠲᠡᠪᠰᠢᠬᠦᠯᠬᠦ ᠳᠤ᠂ | ᠳᠣᠤᠷᠠᠬᠢ ᠮᠠᠲ᠋ᠧᠷᠢᠶᠠᠯ ᠢ ᠲᠤᠰᠢᠶᠠᠨ ᠲᠡᠪᠰᠢᠬᠦᠯᠬᠦ ᠬᠡᠷᠡᠭᠲᠡᠶ᠄ | | ︵ᠨᠢᠭᠡ︶ ᠪᠠᠶᠢᠴᠠᠭᠠᠯᠳᠠ ᠳᠠᠭᠤᠰᠬᠠᠭᠰᠠᠨ ᠮᠡᠳᠡᠭᠦᠯᠦᠯᠲᠡ ᠪᠤᠶᠤ ᠬᠤᠯᠪᠣᠭᠳᠠᠯ ᠪᠦᠬᠦᠢ ᠬᠢᠨᠠᠨ ᠪᠠᠶᠢᠴᠠᠭᠠᠭᠰᠠᠨ | ᠪᠠᠶᠢᠳᠠᠯ ᠤᠨ ᠲᠤᠬᠠᠶ ᠮᠡᠳᠡᠭᠦᠯᠦᠯᠲᠡ︔ | | ︵ᠬᠤᠶᠠᠷ︶ ᠬᠠᠤᠯᠢ ᠬᠡᠷᠡᠭᠵᠢᠭᠦᠯᠬᠦ ᠲᠣᠭᠲᠠᠭᠠᠯ ᠤᠨ ᠣᠷᠣᠯᠠᠨ ᠲᠤᠭᠤᠷᠪᠢᠭᠰᠠᠨ ᠨᠤᠤᠷᠠᠭ︔ | | ︵ᠭᠤᠷᠪᠠ︶ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠨᠨᠰᠠᠨ ᠬᠠᠮᠢᠶ᠎ᠠ ᠪᠦᠬᠦᠢ ᠦᠨᠳᠦᠰᠦᠯᠡᠯ︔ | | ︵ᠲᠦᠷᠪᠡ︶ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠭᠡᠷᠡᠴᠢ ᠪᠠᠷᠢᠮᠲᠠ ᠶᠢᠨ ᠮᠠᠲ᠋ᠧᠷᠢᠶᠠᠯ︔ | | ︵ᠲᠠᠪᠤ︶ ᠭᠡᠷᠡᠴᠢᠯᠡᠭᠡ ᠰᠤᠨᠤᠰᠬᠤ᠂ ᠦᠨᠡᠯᠡᠨ ᠵᠢᠱᠢᠬᠦ ᠪᠠᠷ ᠲᠡᠮᠵᠢᠨᠨᠰᠠᠨ ᠪᠤᠯ᠂ ᠭᠡᠷᠡᠴᠢᠯᠡᠭᠡ ᠰᠣᠨᠣᠰᠤᠭᠰᠠᠨ | ᠲᠡᠮᠳᠡᠭᠯᠡᠯ᠂ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠰᠢᠶᠠᠨ ᠲᠡᠪᠰᠢᠬᠦᠯᠦᠨ᠎ᠠ︔ | | ︵ᠵᠢᠷᠭᠤᠭ᠎ᠠ︶ ᠲᠤᠰᠢᠶᠠᠨ ᠲᠡᠪᠰᠢᠬᠦᠯᠬᠦ ᠬᠡᠷᠡᠭᠳᠡᠢ ᠪᠤᠰᠤᠳ ᠮᠠᠲ᠋ᠧᠷᠢᠶᠠᠯ᠃ | | ᠲᠤᠰᠢᠶᠠᠨ ᠲᠡᠪᠰᠢᠬᠦᠯᠦᠭᠰᠡᠨ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠭᠡᠵᠦ ᠬᠠᠤᠯᠢ ᠲᠦᠷᠢᠮ ᠤᠨ | ᠬᠢᠨᠠᠨ ᠬᠠᠷᠭᠤᠭᠤᠯᠬᠤ ᠪᠠᠶᠢᠭᠤᠯᠤᠮᠵᠢ ᠦᠵᠡᠪᠡᠯ᠂ ᠬᠠᠤᠯᠢ ᠬᠡᠷᠡᠭᠵᠢᠬᠦᠯᠬᠦ ᠶᠢ ᠳᠠᠭᠠᠭᠠᠨ ᠭᠦᠢᠴᠡᠳᠬᠡᠬᠦ | ᠪᠠᠶᠢᠭᠤᠯᠤᠮᠵᠢ ᠶᠢ ᠵᠢᠭᠠᠨ ᠲᠤᠨᠨᠳᠠᠭᠠᠨᠨᠰᠠᠨ ᠴᠠᠭ ᠤᠨ ᠳᠣᠲᠣᠷ᠎ᠠ ᠮᠠᠲ᠋ᠧᠷᠢᠶᠠᠯ ᠢᠶᠠᠨ ᠨᠦᠭᠦᠪᠦᠷᠢᠯᠡᠬᠦᠯᠬᠦ ᠪᠠᠷ | ᠱᠠᠭᠠᠷᠳᠠᠬᠤ ᠪᠤᠶᠤ ᠬᠠᠤᠯᠢ ᠬᠡᠷᠡᠭᠵᠢᠬᠦᠯᠬᠦ ᠶᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠳᠤ ᠪᠤᠴᠠᠭᠠᠨ ᠶᠠᠪᠤᠭᠤᠯᠵᠦ | ᠮᠠᠲ᠋ᠧᠷᠢᠶᠠᠯ ᠢᠶᠠᠨ ᠨᠥᠬᠦᠪᠥᠷᠢᠯᠡᠭᠰᠡᠨ ᠤ ᠳᠠᠷᠠᠭ᠎ᠠ ᠲᠠᠬᠢᠵᠦ ᠲᠤᠰᠢᠶᠠᠯᠭᠠᠬᠤ ᠪᠠᠷ ᠱᠠᠭᠠᠷᠳᠠᠵᠤ ᠪᠣᠯᠤᠨ᠎ᠠ᠃ | | ᠭᠤᠴᠢᠳᠤᠭᠠᠷ ᠵᠦᠢᠯ ᠬᠠᠤᠯᠢ ᠲᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠳᠣᠤᠷᠠᠬᠢ ᠮᠡᠲᠦ | ᠠᠭᠤᠯᠭ᠎ᠠ ᠳᠤ ᠬᠠᠤᠯᠢ ᠲᠦᠷᠢᠮ ᠤᠨ ᠬᠢᠨᠠᠨ ᠬᠠᠷᠭᠤᠭᠤᠯᠤᠯᠳᠠ ᠬᠢᠬᠦ ᠬᠡᠷᠡᠭᠲᠡᠶ᠄ | | ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠨᠢ ᠬᠠᠤᠯᠢ ᠳᠤ ᠨᠡᠶᠢᠴᠡᠬᠦ ᠡᠰᠡᠬᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠢ ᠬᠠᠤᠯᠢ ᠬᠡᠷᠡᠭᠵᠢᠭᠦᠯᠬᠦ ᠬᠢᠷᠢ ᠬᠡᠮ ᠢ ᠪᠦᠷᠢᠳᠦᠭᠦᠯᠦᠭᠰᠡᠨ ᠡᠰᠡᠬᠦ︔ | | ︵ᠬᠤᠶᠠᠷ︶ ᠲᠣᠰ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠷᠬᠡ ᠬᠢᠵᠠᠭᠠᠷ ᠠᠴᠠ ᠪᠠᠨ ᠳᠠᠪᠠᠭᠰᠠᠨ | ᠡᠰᠡᠬᠦ︔ | | ︵ᠭᠤᠷᠪᠠ︶ ᠬᠡᠷᠡᠭ ᠤᠨ ᠪᠣᠳᠠᠲᠤ ᠪᠠᠶᠢᠳᠠᠯ ᠨᠢ ᠲᠣᠳᠣᠷᠬᠠᠶ ᠡᠰᠡᠬᠦ᠂ ᠭᠡᠷᠡᠴᠢ ᠪᠠᠷᠢᠮᠲᠠ ᠨᠢ ᠬᠠᠤᠯᠢ ᠳᠤ ᠨᠡᠶᠢᠴᠡᠬᠦ | ᠪᠠ ᠪᠦᠷᠢᠨ ᠭᠦᠢᠴᠡᠳ ᠡᠰᠡᠬᠦ︔ | | ︵ᠲᠦᠷᠪᠡ︶ ᠲᠤᠬᠢᠷᠠᠭᠤᠯᠤᠨ ᠬᠡᠷᠡᠭᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠨᠢ | ᠵᠦᠪ ᠣᠨᠣᠪᠴᠢᠲᠠᠶ ᠪᠠᠶᠢᠬᠤ ᠡᠰᠡᠬᠦ︔ | | ︵ᠲᠠᠪᠤ︶ ᠲᠤᠬᠢᠷᠠᠭᠤᠯᠤᠨ ᠬᠡᠷᠡᠭᠯᠡᠭᠰᠡᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠨᠢ ᠲᠣᠬᠢᠷᠠᠮᠵᠢᠲᠠᠶ ᠪᠠᠶᠢᠬᠤ ᠡᠰᠡᠬᠦ︔ | | | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠲᠠᠷᠠᠭᠠᠯᠠᠯ ᠨᠢ ᠬᠠᠤᠯᠢ ᠳᠤ ᠨᠡᠶᠢᠴᠡᠬᠦ ᠡᠰᠡᠬᠦ︔ | | ︵ᠳᠣᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠨᠢ ᠪᠦᠷᠢᠨ ᠭᠦᠢᠴᠡᠳ᠂ ᠵᠢᠷᠤᠮᠵᠢᠭᠤᠨ | ᠡᠰᠡᠬᠦ︔ | | ︵ᠨᠠᠢᠮᠠ︶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠳᠤ ᠰᠡᠵᠢᠭᠯᠡᠭᠳᠡᠬᠡᠳ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠭᠦᠷᠬᠡᠬᠦ ᠬᠡᠷᠡᠭᠳᠡᠢ ᠪᠠᠶᠢᠬᠤ ᠡᠰᠡᠬᠦ︔ | | ︵ᠶᠢᠰᠦ︶ ᠬᠢᠨᠠᠨ ᠬᠠᠷᠭᠤᠭᠤᠯᠬᠤ ᠬᠡᠷᠡᠭᠳᠡᠢ ᠪᠤᠰᠤᠳ ᠠᠭᠤᠯᠭ᠎ᠠ᠃ | | ᠭᠤᠴᠢᠨ ᠨᠢᠭᠡᠳᠦᠭᠡᠷ ᠵᠦᠢᠯ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠬᠠᠤᠯᠢ | ᠬᠡᠷᠡᠭᠵᠢᠭᠦᠯᠬᠦ ᠶᠢ ᠲᠠᠭᠠᠭᠠᠨ ᠭᠦᠢᠴᠡᠳᠬᠡᠬᠦ ᠪᠠᠶᠢᠭᠤᠯᠤᠮᠵᠢ ᠶᠢᠨ ᠬᠢᠨᠠᠭᠤᠯᠬᠤ ᠪᠠᠷ ᠭᠦᠷᠬᠡᠭᠰᠡᠨ ᠮᠠᠲ᠋ᠧᠷᠢᠶᠠᠯ ᠢ | ᠭᠠᠷᠳᠠᠵᠦ ᠠᠪᠤᠨᠨᠰᠠᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ ᠬᠠᠤᠯᠢ ᠳᠦᠷᠢᠮ ᠤᠨ ᠬᠢᠨᠠᠨ | ᠬᠠᠷᠭᠤᠭᠤᠯᠤᠯᠳᠠ ᠶᠢ ᠪᠡᠶᠡᠯᠡᠭᠦᠯᠬᠦ ᠬᠡᠷᠡᠭᠲᠡᠶ᠃ ᠪᠠᠶᠢᠳᠠᠯ ᠨᠢ ᠪᠤᠳᠤᠯᠢᠶᠠᠨᠲᠠᠶ ᠪᠠᠶᠢᠪᠠᠯ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠲᠦᠷᠢᠮ ᠤᠨ ᠠᠵᠢᠯ ᠢ ᠭᠤᠤᠯᠴᠢᠯᠠᠨ ᠬᠠᠮᠢᠶᠠᠷᠬᠤ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠲᠠᠪᠤᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ᠃ ᠮᠠᠲ᠋ᠧᠷᠢᠶᠠᠯ | ᠨᠦᠭᠦᠪᠦᠷᠢᠯᠡᠬᠦ ᠴᠠᠭ ᠢ ᠬᠢᠨᠠᠨ ᠬᠠᠷᠭᠤᠭᠤᠯᠬᠤ ᠴᠠᠭ ᠬᠤᠭᠤᠴᠠᠭᠠᠨ ᠳᠤ ᠪᠣᠳᠣᠵᠤ ᠤᠷᠤᠭᠤᠯᠬᠤ ᠦᠭᠡᠢ᠃ | ᠭᠤᠴᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠲᠠᠭᠠᠭᠠᠨ ᠭᠦᠢᠴᠡᠳᠬᠡᠬᠦ | ᠪᠠᠶᠢᠭᠤᠯᠤᠮᠵᠢ ᠨᠢ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠶᠢᠨ ᠭᠠᠷᠭᠠᠭᠰᠠᠨ ᠬᠢᠨᠠᠨ | ᠬᠠᠷᠭᠤᠭᠤᠯᠤᠨᠨᠰᠠᠨ ᠰᠠᠨᠠᠯ ᠢ ᠬᠦᠯᠢᠶᠡᠨ ᠠᠪᠬᠤ ᠬᠡᠷᠡᠭᠳᠡᠢ᠂ ᠣᠨᠳᠣᠤ ᠰᠠᠨᠠᠯ ᠲᠠᠢ ᠪᠠᠶᠢᠪᠠᠯ ᠬᠠᠤᠯᠢ ᠳᠦᠷᠢᠮ ᠤᠨ | ᠬᠢᠨᠠᠨ ᠬᠠᠷᠭᠤᠭᠤᠯᠬᠤ ᠪᠠᠶᠢᠭᠤᠯᠤᠮᠵᠢ ᠯᠤᠭ᠎ᠠ ᠵᠥᠪᠳᠡᠯᠴᠡᠨ ᠨᠡᠪᠲᠡᠷᠡᠯᠴᠡᠬᠦ ᠬᠡᠷᠡᠭᠲᠡᠶ᠂ ᠨᠡᠪᠲᠡᠷᠡᠯᠴᠡᠭᠰᠡᠨ ᠴᠤ ᠰᠠᠨᠠᠯ | ᠨᠢᠭᠡᠳᠦᠭᠰᠡᠨ ᠦᠭᠡᠶ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠳᠤ ᠮᠡᠳᠡᠭᠦᠯᠦᠨ ᠲᠤᠨᠨᠳᠠᠭᠠᠯᠭᠠᠬᠤ ᠬᠡᠷᠡᠭᠲᠡᠶ᠃ | | ᠲᠠᠪᠤᠳᠤᠭᠠᠷ ᠪᠦᠯᠦᠭ ᠬᠢᠨᠠᠯᠲᠠ ᠲᠠᠯᠪᠢᠯᠳᠠ ᠬᠢᠬᠡᠳ ᠬᠠᠷᠢᠭᠤᠴᠠᠯᠭ᠎ᠠ | | ᠭᠤᠴᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ | ᠬᠠᠤᠯᠢ ᠬᠡᠷᠡᠭᠵᠢᠬᠦᠯᠬᠦ ᠠᠵᠢᠯᠲᠠᠨ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠤᠷᠠᠬᠢ ᠪᠠᠶᠢᠳᠠᠯ ᠤᠨ | ᠨᠢᠭᠡ ᠨᠢ ᠪᠠᠶᠢᠪᠠᠯ᠂ ᠲᠡᠭᠦᠨ ᠤ ᠲᠣᠰ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ | ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠬᠠᠤᠯᠢ ᠬᠡᠷᠡᠭᠵᠢᠭᠦᠯᠬᠦ | ᠠᠵᠢᠯᠳᠠᠨ ᠤ ᠬᠠᠷᠢᠶ᠎ᠠ ᠪᠦᠭᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ | ᠨᠣᠴᠢᠲᠠᠶ ᠪᠤᠶᠤ ᠬᠦᠨᠳᠦ ᠬᠡᠴᠡᠬᠦᠦ ᠦᠷ᠎ᠡ ᠳ᠋ᠦᠩ ᠲᠠᠢ ᠪᠤᠯᠤᠨᠨᠰᠠᠨ ᠪᠤᠯ᠂ ᠰᠢᠭᠤᠳ ᠬᠠᠷᠢᠭᠤᠴᠠᠵᠦ ᠪᠠᠶᠢᠭ᠎ᠠ | ᠭᠤᠤᠯᠴᠢᠯᠠᠨ ᠬᠠᠮᠢᠶᠠᠷᠬᠤ ᠬᠥᠮᠦᠨ ᠪᠠ ᠪᠤᠰᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠢᠳᠬᠡᠯ | ᠥᠭᠭᠦᠨ᠎ᠡ︔ ᠶᠠᠯ᠎ᠠ ᠳᠤ ᠭᠦᠷᠦᠭᠰᠡᠨ ᠪᠤᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | | ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠢ ᠵᠠᠷᠯᠠᠨ ᠨᠡᠶᠢᠳᠡᠯᠡᠬᠦ᠂ ᠬᠠᠤᠯᠢ ᠬᠡᠷᠡᠭᠵᠢᠭᠦᠯᠬᠦ ᠪᠦᠭᠦ | ᠶᠠᠪᠤᠴᠠ ᠶᠢ ᠰᠢᠩᠬᠡᠬᠡᠨ ᠲᠡᠮᠳᠡᠭᠯᠡᠬᠦ ᠪᠠ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ | ᠲᠦᠷᠢᠮ ᠤᠨ ᠬᠢᠨᠠᠨ ᠬᠠᠷᠭᠤᠭᠤᠯᠤᠯᠳᠠ ᠶᠢ ᠲᠣᠭᠲᠠᠭᠠᠯ ᠶᠣᠰᠣᠭᠠᠷ ᠬᠢᠭᠰᠡᠨ ᠥᠭᠡᠢ︔ | | ︵ᠬᠤᠶᠠᠷ︶ ᠨᠢᠬᠡᠨᠳᠡ ᠵᠠᠷᠯᠠᠨ ᠨᠡᠶᠢᠳᠡᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠨᠢ | ᠣᠨᠣᠪᠴᠢ ᠥᠬᠡᠶ ᠪᠠᠶᠢᠳᠠᠯ᠎ᠠ ᠴᠠᠭ ᠲᠤᠬᠠᠶ ᠳᠤ ᠨᠢ ᠵᠠᠯᠠᠷᠠᠭᠤᠯᠤᠭᠰᠠᠨ ᠥᠬᠡᠶ︔ | | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠭᠰᠡᠨ ᠮᠠᠲ᠋ᠧᠷᠢᠶᠠᠯ ᠢ ᠬᠠᠤᠯᠢ | ᠶᠣᠰᠣᠭᠠᠷ ᠬᠠᠳᠠᠭᠠᠯᠠᠭᠰᠠᠨ ᠥᠬᠡᠶ︔ | | ︵ᠳᠥᠷᠪᠡ︶ ᠬᠠᠤᠯᠢ ᠬᠡᠷᠡᠭᠵᠢᠭᠦᠯᠬᠦ ᠶᠠᠪᠤᠴᠠ ᠶᠢᠨ ᠠᠩᠬᠠᠨ ᠤ ᠲᠡᠮᠳᠡᠭᠯᠡᠯ ᠢ ᠬᠠᠭᠤᠷᠮᠬᠠᠯᠠᠨ ᠵᠤᠬᠢᠶᠠᠬᠤ᠂ ᠵᠠᠰᠠᠪᠤᠷᠢ | ᠤᠷᠤᠭᠤᠯᠬᠤ᠂ ᠨᠠᠶᠢᠷᠠᠭᠤᠯᠬᠤ᠂ ᠡᠰᠬᠡᠬᠦ᠂ ᠬᠠᠰᠤᠵᠦ ᠬᠠᠶ᠋ᠬᠠᠰᠠᠨ ᠪᠤᠶᠤ ᠬᠠᠤᠯᠢ ᠪᠠᠷ ᠲᠣᠭᠲᠠᠭᠠᠭᠰᠠᠨ ᠬᠤᠭᠤᠴᠠᠭ᠎ᠠ | ᠬᠢᠵᠠᠭᠠᠷ ᠤᠨ ᠲᠤᠳᠤᠷ᠎ᠠ ᠥᠰᠥᠭ ᠪᠢᠴᠢᠭ ᠤᠨ ᠲᠡᠮᠳᠡᠭᠯᠡᠯ ᠪᠠ ᠲᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠤᠨ | ᠮᠠᠲ᠋ᠧᠷᠢᠶᠠᠯ ᠢ ᠤᠰᠠᠳᠬᠠᠭᠰᠠᠨ︔ | | ︵ᠲᠠᠪᠤ︶ ᠬᠠᠤᠯᠢ ᠲᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠬᠢᠨᠠᠨ ᠬᠠᠷᠭᠤᠭᠤᠯᠬᠤ ᠶᠠᠪᠤᠴᠠ ᠳᠤ | ᠬᠤᠳᠠᠯ ᠬᠠᠭᠤᠷᠮᠠᠭ ᠢᠶᠠᠷ ᠵᠤᠬᠢᠶ᠋ᠬᠠᠰᠠᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠠᠴᠠ ᠪᠣᠯᠵᠣ | ᠰᠶᠢᠳᠪᠦᠷᠢ ᠶᠢᠨ ᠠᠯᠳᠠᠭ᠎ᠠ ᠭᠠᠷᠭᠠᠨᠨᠰᠠᠨ︔ | | ︵ᠵᠢᠷᠭᠤᠭ᠎ᠠ︶ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | | ᠵᠢᠷᠭᠤᠳᠤᠭᠠᠷ ᠪᠦᠯᠦᠭ ᠲᠠᠭᠠᠯᠳᠤᠭᠤᠯᠤᠯ ᠲᠦᠷᠢᠮ | | ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ 2020 ᠣᠨ ᠤ 4 ᠳ᠋ᠤᠬᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠠ᠃ | | | | | | | | | | | | | | | | | | | | | | ᠁ |