ᠤᠴᠢᠷ ᠪᠦᠬᠦᠨ ᠢ ᠬᠢᠵᠦ ᠪᠤᠳᠠᠳᠠᠶᠢᠵᠢᠭᠤᠯᠬᠤ ᠪᠠᠷ ᠤᠷᠢᠳᠠᠯ ᠪᠤᠯᠭᠠᠨ᠂  ︽ᠡᠬᠢᠨ ᠤ ᠠᠯᠬᠤᠮ ᠢ ᠢᠯᠭᠤᠮ ᠠᠯᠬᠤᠶ᠎ᠠ︾
ᠨᠡᠶᠢᠲᠡᠯᠡᠭᠰᠡᠨ ᠴᠠᠭ᠄
2024/2/26
         ᠤᠷᠢᠨ ᠬᠠᠪᠤᠷ ᠰᠠᠭᠠᠲᠠᠵᠤ᠂  ᠶᠢᠷᠲᠢᠨᠴᠦ ᠳᠡᠯᠡᠬᠡᠢ ᠠᠮᠢᠯᠠᠯ ᠤᠨ ᠬᠦᠴᠦᠨ ᠢᠶᠠᠷ ᠪᠢᠯᠬᠠᠯ᠎ᠠ᠃  ᠤᠶᠢᠷ᠎ᠠ  ᠳᠤ ᠬᠤᠩᠱᠠᠨ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠵᠢᠴᠢ ᠠᠷᠠᠯᠵᠢᠶ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠭᠦᠯᠬᠦ ︵ᠢᠲᠡᠭᠡᠮᠵᠢ ᠶᠢᠨ ᠪᠠᠶᠢᠭᠤᠯᠤᠯᠲᠠ︶ ᠬᠤᠷᠠᠯ ᠬᠤᠷᠠᠯᠳᠤᠵᠤ᠂  ᠡᠨᠡ ᠬᠦ ᠲᠠᠯᠠᠪᠠᠢ ᠰᠢᠨ᠎ᠡ ᠵᠢᠯ ᠤᠨ ᠠᠩᠬᠠᠨ ᠤ ᠬᠤᠷᠠᠯ ᠨᠢ ᠬᠤᠩᠱᠠᠨ ᠲᠣᠭᠤᠷᠢᠭ ᠤᠨ ᠠᠷᠠᠯᠵᠢᠶᠠᠴᠢᠨ ᠤᠷᠢᠵᠤ᠂  ᠲᠦᠷᠦᠯ ᠵᠦᠢᠯ ᠢ ᠠᠬᠢᠭᠤᠯᠬᠤ ᠡᠷᠡᠰ ᠵᠣᠷᠢᠭ ᠪᠠ ᠴᠢᠩᠭᠠᠳᠬᠠᠬᠤ ᠰᠤᠷᠲᠠᠯ᠂ ᠬᠦᠭᠵᠢᠯᠲᠡ ᠶᠢ ᠲᠦᠷᠭᠡᠪᠴᠢᠯᠡᠨ ᠠᠬᠢᠭᠤᠯᠬᠤ ᠳᠤᠯᠭᠠᠮ᠎ᠠ ᠬᠦᠰᠡᠯ ᠱᠠᠭᠠᠷᠳᠠᠯᠭ᠎ᠠ ᠶᠢ ᠢᠯᠡᠷᠡᠭᠦᠯᠵᠦ᠂  ᠠᠶᠠᠨ ᠳᠠᠶᠢᠨ ᠤ ᠤᠷᠤᠭᠰᠢᠯᠠᠯᠲᠠ ᠶᠢᠨ ᠲᠤᠬᠢᠶ᠎ᠠ ᠶᠢ ᠪᠦᠬᠦ ᠲᠠᠯ᠎ᠠ ᠪᠠᠷ ᠬᠠᠩᠬᠢᠨᠠᠨ ᠴᠤᠤᠷᠢᠶᠠᠳᠤᠭᠤᠯᠵᠤ᠂  ᠬᠦᠮᠦᠰ ᠤᠨ ᠰᠡᠳᠬᠢᠯ ᠢ ᠳᠤᠭᠳᠤᠯᠤᠭᠤᠯᠪᠠ᠃
       ᠵᠢᠯ ᠤᠨ ᠠᠵᠢᠯ ᠬᠠᠪᠤᠷ ᠲᠠᠭᠠᠨ᠂  ᠤᠴᠢᠷ ᠪᠦᠬᠦᠨ ᠳᠤ ᠪᠤᠳᠠᠲᠠᠢ ᠳᠤ ᠨᠠᠶᠢᠳᠠᠪᠤᠷᠢᠵᠢᠭᠤᠯᠬᠤ ᠪᠠᠷ ᠤᠷᠢᠳᠠᠯ ᠪᠤᠯᠭᠠᠶ᠎ᠠ᠃ ᠡᠳᠦᠭᠡ ᠠᠷᠠᠯᠵᠢᠶᠠᠴᠢᠨ ᠤᠷᠢᠵᠤ ᠪᠡᠯᠡ ᠲᠠᠲᠠᠬᠤ ᠬᠠᠷᠠᠯᠲᠠ ᠡᠭᠦᠷᠭᠡ ᠨᠢᠭᠡᠨᠲᠡ ᠲᠤᠳᠤᠷᠬᠠᠢ ᠪᠣᠯᠪᠠ᠃ ᠬᠠᠷᠠᠯᠲᠠ ᠡᠭᠦᠷᠭᠡ ᠪᠠᠨ ᠲᠤᠳᠤᠷᠬᠠᠶᠢᠯᠠᠭᠰᠠᠨ ᠤ ᠳᠠᠷᠠᠭ᠎ᠠ ᠡᠷᠬᠡᠪᠰᠢ ᠤᠯᠠᠨ ᠠᠷᠭ᠎ᠠ ᠵᠠᠮᠨᠠᠯ ᠢᠶᠠᠷ ᠲᠦᠮᠡᠨ ᠪᠡᠷᠭᠡ ᠮᠢᠩᠭᠠᠨ ᠪᠠᠷᠲᠠᠭ᠎ᠠ ᠶᠢ ᠲᠤᠭᠤᠯᠬᠤ ᠰᠢᠨᠲᠠᠷᠠᠰᠢ ᠦᠭᠡᠢ ᠵᠤᠷᠢᠭ ᠰᠠᠨᠠᠭ᠎ᠠ ᠪᠠᠷ᠂ ᠰᠢᠨ᠎ᠡ ᠤᠨ ᠳᠤ ᠦᠭᠡᠳᠡᠷᠬᠡᠭ ᠪᠠᠶᠢᠳᠠᠯ ᠢᠶᠠᠷ ᠦᠢᠯᠡᠳᠦᠨ ᠪᠦᠲᠦᠭᠡᠵᠦ᠂  ᠠᠩᠬᠠᠨ ᠤ ᠠᠯᠬᠤᠮ ᠢᠶᠠᠨ ᠢᠯᠭᠤᠮ ᠲᠤᠭᠤᠯᠬᠤ ᠬᠡᠷᠡᠭᠲᠡᠢ᠃
       ᠠᠩᠬᠠᠨ ᠤ ᠠᠯᠬᠤᠮ ᠢᠶᠠᠨ ᠢᠯᠭᠤᠮ ᠲᠤᠭᠤᠯᠬᠤ ᠳᠤ ᠬᠠᠨᠳᠤᠰᠢ ᠪᠠᠶᠢᠳᠠᠯ ᠢ ᠲᠤᠳᠤᠷᠬᠠᠢ ᠲᠠᠨᠢᠵᠤ᠂  ᠭᠤᠤᠯᠳᠠᠯᠭ᠎ᠠ ᠶᠢ ᠠᠳᠬᠤᠨ᠂  ᠴᠢᠩᠭ᠎ᠠ ᠠᠳᠬᠤᠵᠤ ᠰᠠᠶᠢᠲᠤᠷ ᠬᠢᠵᠦ᠂  ᠠᠷᠠᠯᠵᠢᠶᠠᠴᠢᠨ ᠤᠷᠢᠵᠤ ᠪᠡᠯᠡ ᠲᠠᠲᠠᠬᠤ ᠴᠢᠨᠠᠷ ᠴᠢᠨᠰᠠᠭ᠎ᠠ ᠪᠠ ᠬᠡᠮᠵᠢᠶ᠎ᠡ ᠶᠢ ᠬᠤᠤᠰ ᠪᠠᠲᠤᠯᠠᠬᠤ ᠬᠡᠷᠡᠭᠲᠡᠢ᠃ ᠦᠵᠡᠯ ᠰᠠᠨᠠᠭᠠᠨ ᠳᠡᠭᠡᠷ᠎ᠡ ᠪᠠᠨ ᠪᠤᠰᠤᠳ ᠠᠴᠠ ᠤᠷᠢᠳᠠᠵᠤ᠂ ᠠᠵᠢᠯᠯᠠᠭᠠᠨ ᠳᠡᠭᠡᠷ᠎ᠡ ᠪᠠᠨ ᠤᠨᠤᠴᠢᠲᠠᠢ ᠲᠦᠷᠭᠡᠨ ᠪᠠᠶᠢᠬᠤ ᠬᠡᠷᠡᠭᠲᠡᠢ᠃ ᠲᠤᠯᠤᠭᠠᠶᠢᠯᠠᠭᠴᠢ ᠠᠵᠤ ᠠᠬᠤᠶᠢᠯᠠᠯ ᠢ ᠠᠳᠬᠤᠵᠤ᠂  ᠬᠡᠯᠬᠢᠶᠡᠵᠢᠯ ᠢ ᠴᠢᠩᠭᠠᠳᠬᠠᠨ᠂  ᠪᠦᠯᠦᠭᠯᠡᠯ ᠢ ᠪᠠᠶᠢᠭᠤᠯᠵᠤ᠂  ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ᠂  ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂  ᠬᠦᠷᠢᠶᠡᠯᠡᠩ ᠲᠤᠭᠤᠷᠢᠭ  ᠢᠶᠠᠷ ᠠᠷᠠᠯᠵᠢᠶᠠᠴᠢᠨ ᠤᠷᠢᠬᠤ ᠵᠡᠷᠭᠡ ᠠᠷᠠᠯᠵᠢᠶᠠᠴᠢᠨ ᠤᠷᠢᠬᠤ ᠬᠡᠯᠪᠡᠷᠢ ᠶᠢ ᠬᠠᠮᠲᠤᠪᠡᠷ ᠠᠰᠢᠭᠯᠠᠨ᠂  ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠱᠠᠲᠤᠴᠢᠯᠠᠨ ᠠᠬᠢᠭᠤᠯᠵᠤ᠂  ᠰᠢᠪᠲᠤᠯᠤᠯᠲᠠ ᠭᠠᠷᠭᠠᠨ᠂  ᠪᠤᠳᠠᠲᠠᠢ ᠦᠷ᠎ᠡ ᠠᠰᠢᠭ ᠤᠯᠬᠤ ᠬᠡᠷᠡᠭᠲᠡᠢ᠃
       ᠬᠦᠮᠦᠨ ᠠᠵᠢᠯᠴᠢ ᠪᠣᠯ ᠬᠠᠪᠤᠷ ᠡᠷᠲᠡ ᠰᠠᠭᠠᠲᠠᠵᠤ᠂  ᠰᠢᠭᠤᠷᠬᠠᠶᠢᠯᠠᠨ ᠠᠵᠢᠯᠯᠠᠪᠠᠯ ᠶᠡᠭᠡ ᠦᠢᠯᠡ ᠶᠢ ᠪᠦᠲᠦᠭᠡᠨ᠎ᠡ᠃ ᠪᠢᠳᠡ ᠬᠠᠪᠤᠷ ᠤᠨ ᠰᠠᠶᠢᠬᠠᠨ ᠴᠠᠭ ᠠᠴᠠ ᠡᠬᠢᠯᠡᠨ᠂ ᠬᠠᠷᠢᠰᠢ ᠦᠭᠡᠢ ᠢᠲᠡᠭᠡᠯ ᠵᠤᠷᠢᠭ᠂ ᠮᠤᠬᠤᠰᠢ ᠦᠭᠡᠢ ᠦᠭᠡᠢ ᠲᠡᠰᠪᠤᠷᠢ ᠲᠡᠪᠴᠢᠶᠡᠷᠢ ᠪᠠᠷ ᠡᠭᠦᠷᠭᠡ ᠶᠢᠨ ᠬᠦᠨᠳᠦ ᠶᠢ ᠡᠭᠦᠷᠴᠦ᠂ ᠡᠮᠦᠨ᠎ᠡ ᠹᠷᠤᠨᠲ ᠲᠤ ᠭᠠᠪᠰᠢᠭᠠᠶᠢᠯᠠᠨ᠂  ᠤᠷᠤᠭᠰᠢᠯᠠᠨ ᠲᠡᠮᠡᠴᠡᠵᠦ᠂  ᠯᠠᠪᠳᠠᠭᠤᠨ ᠪᠠᠲᠤᠲᠠᠢ ᠪᠠᠷ ᠠᠩᠬᠠᠨ ᠤ ᠠᠯᠬᠤᠮ ᠤᠨ ᠬᠦᠰᠡᠯ ᠵᠡᠭᠦᠳᠦ ᠪᠠᠨ ᠪᠤᠲᠠᠲᠤ ᠠᠬᠤᠢ ᠪᠤᠯᠭᠠᠨ ᠲᠡᠷᠭᠡᠯᠰᠢᠯᠡᠭᠦᠯᠦᠶ᠎ᠡ᠂  ᠳᠤᠮᠳᠠᠳᠤ ᠤᠯᠤᠰᠴᠢᠯᠠᠭᠰᠠᠨ ᠤᠳᠤᠬᠢᠴᠢᠯᠠᠯᠲᠠ ᠶᠢᠨ ᠬᠤᠩᠱᠠᠨ ᠤ ᠰᠢᠨ᠎ᠡ ᠬᠠᠭᠤᠳᠠᠰᠤ ᠶᠢ ᠪᠢᠴᠢᠭᠯᠡᠶ᠎ᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号