2024 ᠤᠨ ᠤ ᠬᠤᠩᠱᠠᠨ ᠲᠣᠭᠤᠷᠢᠭ ᠤᠨ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠯ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/2/4
ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠡᠯᠲᠡᠰ᠂ ᠵᠦᠪᠯᠡᠯ᠂ ᠠᠯᠪᠠᠨ᠂ ᠲᠤᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄        ᠤᠯᠠᠭᠠᠨᠬᠠᠳᠠ ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ︽2024 ᠤᠨ ᠤ ᠪᠦᠬᠦ ᠬᠤᠲᠠ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠯ ᠰᠤᠷᠭᠠᠨ ᠬᠦᠮᠦᠵᠢᠯ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠤᠯᠠᠭᠠᠨᠬᠠᠳᠠ ᠬᠦᠳᠡᠯᠮᠦᠷᠢ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ  ﹇ 2024  ﹈  1  ᠨᠤᠮᠧᠷᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠦᠨᠳᠦᠰᠦᠯᠡᠨ᠂  ᠡᠳᠦᠭᠡ 2024 ᠤᠨ ᠤ ᠪᠦᠬᠦ ᠲᠤᠭᠤᠷᠢᠭ ᠤᠨ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠯ ᠰᠤᠷᠭᠠᠨ ᠬᠦᠮᠦᠵᠢᠯ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠶ᠎ᠡ᠄        ᠨᠢᠭᠡ᠂  ᠪᠤᠯᠪᠠᠰᠤᠷᠠᠭᠤᠯᠬᠤ ᠡᠲᠡᠭᠡᠳ        ᠲᠤᠭᠤᠷᠢᠭ ᠤᠨ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯᠲᠠᠳ        ᠬᠤᠶᠠᠷ᠂  ᠦᠷᠭᠦᠯᠵᠢᠯᠡᠯ ᠰᠤᠷᠭᠠᠨ ᠬᠦᠮᠦᠵᠢᠯ ᠤᠨ ᠪᠤᠯᠪᠠᠰᠤᠷᠠᠭᠤᠯᠤᠯ ᠤᠨ ᠠᠭᠤᠯᠭ᠎ᠠ ᠪᠠ ᠰᠤᠷᠤᠯᠴᠠᠬᠤ ᠴᠠᠭ        ᠵᠢᠯ ᠳᠤ ᠦᠷᠭᠦᠯᠵᠢᠯᠡᠯ ᠰᠤᠷᠭᠠᠨ ᠬᠦᠮᠦᠵᠢᠯ ᠳᠤ ᠨᠡᠶᠢᠲᠡ ᠠᠳᠠᠭ ᠲᠤ ᠪᠠᠨ 90 ᠬᠢᠴᠢᠶᠡᠯ ᠰᠤᠷᠤᠯᠴᠠᠭᠰᠠᠨ ᠪᠠᠶᠢᠬᠤ ᠬᠡᠷᠡᠭᠲᠡᠢ᠂ ᠡᠭᠦᠨ ᠳᠤ ᠨᠡᠶᠢᠲᠡ ᠶᠢᠨ ᠬᠢᠴᠢᠶᠡᠯ  ᠠᠳᠠᠭ ᠲᠤ ᠪᠠᠨ 30 ᠬᠢᠴᠢᠶᠡᠯ᠂  ᠲᠤᠰᠬᠠᠢ ᠮᠡᠷᠭᠡᠵᠢᠯ ᠤᠨ ᠬᠢᠴᠢᠶᠡᠯ ᠠᠳᠠᠭ ᠲᠤ ᠪᠠᠨ 60 ᠬᠢᠴᠢᠶᠡᠯ  ᠰᠤᠷᠤᠯᠴᠠᠭᠰᠠᠨ ᠪᠠᠶᠢᠬᠤ ᠬᠡᠷᠡᠭᠲᠡᠢ᠃        ᠰᠤᠷᠤᠯᠴᠠᠬᠤ ᠬᠤᠭᠤᠴᠠᠭ᠎ᠠ ᠨᠢ 2024 ᠤᠨ ᠤ 1 ᠰᠠᠷ᠎ᠠ ᠶᠢᠨ 23 ᠤ ᠡᠳᠦᠷ ᠠᠴᠠ 2024 ᠤᠨ ᠤ 12 ᠰᠠᠷ᠎ᠠ ᠶᠢᠨ 31 ᠤ ᠡᠳᠦᠷ ᠪᠤᠯᠲᠠᠯ᠎ᠠ᠃        ᠭᠤᠷᠪᠠ᠂ ᠬᠡᠷᠡᠭᠯᠡᠭᠡᠨ ᠤ ᠱᠠᠭᠠᠷᠳᠠᠯᠭ᠎ᠠ        ᠬᠦᠮᠦᠨ ᠬᠡᠷᠡᠭᠯᠡᠬᠦ ᠨᠢᠭᠡᠴᠡ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠯ ᠰᠤᠷᠭᠠᠨ ᠬᠦᠮᠦᠵᠢᠯ  ᠤᠨ ᠪᠠᠶᠢᠳᠠᠯ ᠢ ᠲᠤᠰᠬᠠᠢ ᠮᠡᠷᠭᠡᠵᠢᠯ ᠤᠨ ᠠᠵᠢᠯᠲᠠᠨ ᠢ ᠬᠢᠨᠠᠨ ᠰᠢᠯᠭᠠᠬᠤ᠂  ᠲᠤᠰᠢᠶᠠᠯ ᠳᠤ ᠲᠤᠮᠢᠯᠠᠬᠤ᠂  ᠠᠵᠢᠯ ᠮᠡᠷᠭᠡᠵᠢᠯ ᠤᠨ ᠬᠢᠷᠢ ᠬᠡᠮ ᠢ ᠦᠨᠡᠯᠡᠨ ᠲᠤᠭᠲᠠᠭᠠᠬᠤ ᠴᠢᠬᠤᠯᠠ ᠨᠦᠬᠦᠴᠡᠯ ᠪᠣᠯᠭᠠᠵᠤ᠂  ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠯ ᠰᠤᠷᠭᠠᠨ ᠬᠦᠮᠦᠵᠢᠯ ᠳᠤ ᠣᠷᠤᠯᠴᠠᠬᠤ ᠶᠢ ᠳᠡᠮᠵᠢᠵᠦ᠂  ᠬᠡᠷᠡᠭᠰᠡᠬᠦ ᠰᠤᠷᠤᠯᠴᠠᠬᠤ ᠨᠦᠬᠦᠴᠡᠯ᠂  ᠴᠠᠭ ᠪᠠ ᠬᠠᠮᠢᠶ᠎ᠠ ᠪᠦᠬᠦᠢ ᠪᠠᠲᠤᠯᠠᠭ᠎ᠠ ᠶᠢ ᠬᠠᠩᠭᠠᠬᠤ ᠬᠡᠷᠡᠭᠲᠡᠢ᠃        ᠳᠦᠷᠪᠡ᠂  ᠬᠢᠨᠠᠨ ᠰᠢᠯᠭᠠᠬᠤ ᠱᠠᠭᠠᠷᠳᠠᠯᠭ᠎ᠠ        ᠦᠪᠡᠷᠲᠡᠭᠡᠨ ᠵᠠᠰᠠᠬᠤ ᠣᠷᠤᠨ ᠤ ᠬᠢᠨᠠᠨ ᠰᠢᠯᠭᠠᠬᠤ ᠺᠠᠷᠲ ᠢ ᠳᠠᠷᠤᠮᠠᠯᠯᠠᠬᠤ ᠠᠵᠢᠯ ᠢ ᠪᠦᠬᠦᠨ ᠢ ᠰᠦᠯᠵᠢᠶᠡᠨ ᠳᠤ ᠰᠢᠢᠳᠪᠦᠷᠢᠯᠡᠨ᠎ᠡ᠃ ᠲᠠᠬᠢᠵᠤ ᠦᠷᠭᠦᠯᠵᠢᠯᠡᠯ ᠰᠤᠷᠭᠠᠨ ᠬᠦᠮᠦᠵᠢᠯ ᠤᠨ ᠦᠨᠡᠮᠯᠡᠯ ᠲᠠᠷᠬᠠᠭᠠᠬᠤ ᠦᠭᠡᠢ᠃ ᠰᠤᠷᠤᠯᠭᠠᠲᠠᠳ ᠨᠡᠶᠢᠲᠡ ᠶᠢᠨ ᠬᠢᠴᠢᠶᠡᠯ ᠢᠶᠠᠨ ᠰᠤᠷᠴᠤ ᠪᠠᠷᠠᠪᠠᠯ ᠰᠢᠯᠭᠠᠯᠲᠠ ᠦᠭᠴᠦ᠂ ᠡᠭᠦᠨ ᠤ ᠬᠠᠮᠲᠤ ᠲᠤᠰᠬᠠᠢ ᠮᠡᠷᠭᠡᠵᠢᠯ ᠤᠨ ᠬᠢᠴᠢᠶᠡᠯ ᠢᠶᠠᠨ ᠰᠤᠷᠤᠯᠴᠠᠭᠰᠠᠨ ᠪᠣᠯ ᠦᠪᠦᠷ ᠮᠤᠩᠭᠤᠯ ᠤᠨ ᠠᠵᠢᠯᠲᠠᠨ ᠤ ᠰᠤᠷᠠᠭ ᠵᠠᠩᠭᠢ  ᠶᠢᠨ ᠰᠦᠯᠵᠢᠶᠡᠨ ︵www.nmgrck.cn  ︶ ᠳᠤ ᠭᠠᠷᠴᠤ ᠬᠢᠨᠠᠨ ᠰᠢᠯᠭᠠᠬᠤ ᠺᠠᠷᠲ ᠢᠶᠠᠨ ᠳᠠᠷᠤᠮᠠᠯᠯᠠᠨ᠎ᠠ᠃        ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠤᠳᠤᠷᠢᠳᠤᠯᠭ᠎ᠠ ᠪᠠᠨ ᠴᠢᠩᠭᠠᠳᠬᠠᠨ᠂  ᠬᠠᠷᠢᠭᠤᠴᠠᠯᠭ᠎ᠠ ᠪᠠᠨ ᠲᠤᠳᠤᠷᠠᠭᠤᠯᠵᠤ᠂  ᠨᠢᠮᠪᠠᠢ ᠵᠤᠬᠢᠶᠠᠨ ᠪᠠᠶᠢᠭᠤᠯᠵᠤ᠂  ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂  ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠯ ᠰᠤᠷᠭᠠᠨ ᠬᠦᠮᠦᠵᠢᠯ ᠤᠨ ᠬᠠᠮᠢᠶ᠎ᠠ ᠪᠦᠬᠦᠢ ᠠᠵᠢᠯ ᠢ ᠨᠠᠷᠢᠨ ᠬᠢᠨᠠᠮᠠᠭᠠᠢ ᠰᠠᠶᠢᠲᠤᠷ ᠪᠡᠶᠡᠯᠡᠭᠦᠯᠬᠦ ᠬᠡᠷᠡᠭᠲᠡᠢ᠃                          ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ                                                          2024 ᠤᠨ ᠤ 1 ᠰᠠᠷ᠎ᠠ ᠶᠢᠨ 23  ᠤ ᠡᠳᠦᠷ
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号