ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ︽ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠠᠵᠤ ᠦᠢᠯᠡᠰ ᠤᠨ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ︾  ᠶᠢᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/11
ᠲᠤᠭᠤᠷᠢᠭ ᠤᠨ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ ᠳᠤ᠄        ᠲᠤᠭᠤᠷᠢᠭ ᠤᠨ ᠵᠠᠰᠠᠭ ᠤᠨ ᠣᠷᠳᠤᠨ ᠤ ᠨᠠᠮ ᠤᠨ ᠳᠤᠭᠤᠶᠢᠯᠠᠩ ᠤᠨ ᠬᠤᠷᠠᠯ ᠢᠶᠠᠷ ᠰᠤᠳᠤᠯᠤᠨ ᠲᠤᠭᠲᠠᠭᠠᠭᠰᠠᠨ ᠢᠶᠠᠷ᠂  ᠡᠳᠦᠭᠡ ︽ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠠᠵᠤ ᠦᠢᠯᠡᠰ ᠤᠨ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ︾   ᠶᠢᠨ ᠲᠤᠬᠠᠢ ᠮᠡᠳᠡᠭᠳᠡᠶ᠎ᠡ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠰᠤᠭᠠᠢ᠃                                    2024 ᠤᠨ ᠤ 1 ᠰᠠᠷ᠎ᠠ ᠶᠢᠨ 25 ᠤ ᠡᠳᠦᠷ        ᠹᠸᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠠᠵᠤ ᠦᠢᠯᠡᠰ ᠤᠨ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠳᠤ ᠠᠮᠢᠳᠤᠷᠠᠯ  ᠤᠨ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ        ᠨᠢᠭᠡᠳᠦᠭᠡᠷ ᠵᠤᠷᠪᠤᠰ    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠨᠠᠮ  ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ︽ᠡᠬᠡ ᠬᠠᠭᠤᠷᠠᠢ ᠪᠠ ᠭᠠᠷᠠᠮ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂  ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠢ ᠴᠤᠭᠴᠠᠯᠠᠬᠤ ᠲᠤᠬᠠᠢ ᠬᠡᠷᠡᠭᠵᠢᠭᠦᠯᠬᠦ ᠰᠠᠨᠠᠯ︾ ︵ᠤᠯᠠᠭᠠᠨᠬᠠᠳᠠ ᠨᠠᠮ ᠲᠠᠷᠬᠠᠭᠠᠭᠰᠠᠨ ﹇2017﹈ 17 ᠲᠤᠭᠠᠲᠤ︶᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ︽ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ︿ᠹᠸᠢ ᠳ᠋ᠢ ᠠᠵᠤ ᠠᠬᠤᠢ﹀ ᠶᠢᠨ ᠲᠦᠷᠦ ᠶᠢᠨ ᠪᠤᠳᠤᠯᠭ᠎ᠠ ᠶᠢᠨ ᠵᠢᠯᠤᠭᠤᠳᠬᠤ ᠰᠠᠨᠠᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2023﹈ 32 ᠲᠤᠭᠠᠲᠤ︶ ᠢ ᠦᠨᠳᠦᠰᠦᠯᠡᠨ᠂  ᠮᠠᠨ ᠤ ᠲᠤᠭᠤᠷᠢᠭ ᠤᠨ ᠪᠤᠳᠠᠲᠠᠢ ᠲᠠᠢ ᠪᠠᠨ ᠤᠶᠠᠯᠳᠤᠭᠤᠯᠤᠨ᠂ ᠲᠤᠰ ᠲᠦᠷᠦ ᠶᠢᠨ ᠪᠤᠳᠤᠯᠭ᠎ᠠ ᠶᠢ ᠲᠤᠭᠲᠠᠭᠠᠪᠠ᠃        ᠬᠤᠶᠠᠳᠤᠭᠠᠷ ᠵᠤᠷᠪᠤᠰ    ᠨᠦᠬᠦᠪᠦᠷᠢ ᠶᠢᠨ ᠬᠦᠷᠢᠶ᠎ᠡ ᠬᠡᠪᠴᠢᠶ᠎ᠡ᠃ ︽ᠡᠬᠡ ᠬᠠᠭᠤᠷᠠᠢ ᠪᠠ ᠭᠠᠷᠠᠮ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠴᠤᠭᠴᠠᠯᠠᠬᠤ ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠴᠠ ᠨᠡᠰᠢ᠂ ᠬᠤᠩᠱᠠᠨ ᠲᠤᠭᠤᠷᠢᠭ ᠨᠢ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠲᠤ ᠤᠷᠤᠭᠰᠠᠨ ᠮᠦᠷᠲᠡᠭᠡᠨ ᠨᠢᠭᠡ ᠤᠳᠠᠭᠠᠨ ᠤ ᠴᠢᠨᠠᠷᠲᠠᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 10 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠲᠠᠢ ᠪᠤᠯᠵᠠᠢ᠃        ᠭᠤᠷᠪᠠᠳᠤᠭᠠᠷ ᠵᠤᠷᠪᠤᠰ    ᠨᠦᠬᠦᠪᠦᠷᠢ ᠶᠢᠨ ᠪᠠᠷᠢᠮᠵᠢᠶ᠎ᠠ᠃ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠵᠢᠯ ᠪᠦᠷᠢ ᠨᠢᠭᠡ ᠤᠳᠠᠭᠠᠨ ᠤ ᠴᠢᠨᠠᠷᠲᠠᠢ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ  ᠶᠢᠨ ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠨᠡᠶᠢᠲᠡ 150 ᠲᠦᠮᠡᠨ ᠲᠦᠭᠦᠷᠢᠭ ᠣᠯᠭᠤᠵᠤ᠂ ᠠᠵᠤ ᠠᠬᠤᠶᠢᠯᠠᠯ ᠦᠪᠡᠷᠲᠡᠭᠡᠨ ᠲᠠᠷᠬᠠᠭᠠᠨ᠎ᠠ᠃        ᠳᠦᠷᠪᠡᠳᠦᠭᠡᠷ ᠵᠣᠷᠪᠤᠰ    ᠨᠦᠬᠦᠪᠦᠷᠢ ᠣᠯᠭᠤᠬᠤ ᠠᠯᠬᠤᠮ ᠳᠠᠷᠠᠭ᠎ᠠ        ︵ ᠨᠢᠭᠡ︶ ᠡᠷᠡᠮᠡᠯᠵᠡᠬᠦ᠃ ᠠᠵᠤ ᠠᠬᠤᠶᠢᠯᠠᠯ ᠨᠢᠭᠡ ᠤᠳᠠᠭᠠᠨ ᠤ ᠴᠢᠨᠠᠷᠲᠠᠢ ᠲᠤᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 10 ᠳ᠋ᠦᠩᠰᠢᠭᠤᠷ ᠲᠦᠭᠦᠷᠢᠭ ᠢ ᠳᠠᠪᠠᠪᠠᠯ᠂ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ ᠶᠢᠨ ᠲᠤᠪᠴᠢᠶᠠᠨ ᠳᠤ ᠨᠦᠬᠦᠪᠦᠷᠢ ᠡᠷᠡᠮᠡᠯᠵᠡᠵᠦ ᠪᠤᠯᠤᠨ᠎ᠠ᠂ ᠡᠷᠡᠮᠡᠯᠵᠡᠯ ᠤᠨ ᠪᠢᠴᠢᠭ᠂ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠲᠦᠷᠦᠯ ᠵᠦᠢᠯ ᠢ ᠳᠠᠩᠰᠠᠯᠠᠭᠰᠠᠨ ᠪᠢᠴᠢᠭ ᠮᠠᠲ᠋ᠧᠷᠢᠶᠠᠯ᠂ ᠲᠤᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢᠨ ᠬᠠᠮᠢᠶ᠎ᠠ ᠪᠦᠬᠦᠢ ᠭᠡᠷᠡᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠤ ᠨᠡᠷᠡᠰ᠂ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠳᠤ ᠢᠲᠡᠭᠡᠮᠵᠢ ᠠᠯᠳᠠᠭᠰᠠᠨ ᠦᠩᠭᠡᠷᠡᠯᠲᠡ ᠦᠭᠡᠢ ᠪᠠᠶᠢᠬᠤ ᠭᠡᠷᠡᠴᠢᠯᠡᠯ ᠵᠡᠷᠭᠡ ᠮᠠᠲ᠋ᠧᠷᠢᠶᠠᠯ ᠢ ᠬᠠᠩᠭᠠᠬᠤ ᠬᠡᠷᠡᠭᠲᠡᠢ᠃        ︵ ᠬᠤᠶᠠᠷ︶ ᠬᠢᠨᠠᠨ ᠬᠠᠷᠭᠤᠭᠤᠯᠬᠤ᠃ ᠲᠤᠭᠤᠷᠢᠭ ᠤᠨ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ  ᠶᠢᠨ ᠲᠤᠪᠴᠢᠶ᠎ᠠ ᠲᠤᠭᠤᠷᠢᠭ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠪᠦᠷᠢᠳᠬᠡᠯ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠠᠴᠠ ᠪᠦᠷᠢᠯᠳᠦᠭᠰᠡᠨ ᠬᠢᠨᠠᠨ ᠲᠤᠭᠲᠠᠭᠠᠬᠤ ᠵᠦᠪᠯᠡᠯ ᠲᠠᠢ ᠬᠠᠮᠵᠢᠯᠴᠠᠨ᠂ ᠡᠷᠡᠮᠡᠯᠵᠡᠭᠰᠡᠨ ᠠᠵᠤ ᠠᠬᠤᠶᠢᠯᠠᠯ ᠤᠨ ᠬᠢᠷᠢ ᠬᠡᠮ ᠤᠨ ᠨᠦᠬᠦᠴᠡᠯ ᠪᠠ ᠬᠠᠮᠢᠶ᠎ᠠ ᠪᠦᠬᠦᠢ ᠮᠠᠲ᠋ᠧᠷᠢᠶᠠᠯ ᠢ ᠶᠡᠷᠦᠩᠬᠡᠶᠢᠯᠡᠨ ᠬᠢᠨᠠᠨ ᠪᠠᠶᠢᠴᠠᠭᠠᠵᠤ᠂ ᠲᠤᠬᠠᠢ ᠶᠢᠨ ᠲᠠᠯᠠᠪᠠᠢ ᠳᠤ ᠰᠤᠷᠪᠤᠯᠵᠢᠯᠠᠨ ᠪᠠᠶᠢᠴᠠᠭᠠᠨ᠎ᠠ᠃ ᠬᠢᠨᠠᠨ ᠰᠢᠯᠭᠠᠭᠰᠠᠨ ᠤ ᠳᠠᠷᠠᠭ᠎ᠠ ᠨᠦᠬᠦᠴᠡᠯ ᠳᠤ ᠨᠡᠶᠢᠴᠡᠬᠦ ᠦᠭᠡᠢ ᠪᠤᠯ᠂ 5 ᠠᠵᠢᠯᠯᠠᠬᠤ ᠡᠳᠦᠷ ᠤᠨ ᠲᠤᠲᠤᠷ᠎ᠠ ᠠᠵᠤ ᠠᠬᠤᠶᠢᠯᠠᠯ ᠳᠤ ᠮᠡᠳᠡᠭᠳᠡᠬᠦ ᠶᠢᠨ ᠬᠠᠮᠲᠤ ᠰᠢᠯᠲᠠᠭᠠᠨ ᠢᠶᠠᠨ ᠲᠤᠳᠤᠷᠬᠠᠶᠢᠯᠠᠨ᠎ᠠ᠃ ᠬᠢᠨᠠᠨ ᠰᠢᠯᠭᠠᠭᠰᠠᠨ ᠤ ᠳᠠᠷᠠᠭ᠎ᠠ ᠨᠦᠬᠦᠴᠡᠯ ᠳᠤ ᠨᠡᠶᠢᠴᠡᠪᠡᠯ ᠲᠤᠭᠤᠷᠢᠭ ᠤᠨ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ ᠶᠢᠨ ᠲᠤᠪᠴᠢᠶ᠎ᠠ ᠲᠤᠭᠤᠷᠢᠭ ᠤᠨ ᠵᠠᠰᠠᠭ ᠤᠨ ᠣᠷᠳᠤᠨ ᠳᠤ ᠮᠡᠳᠡᠭᠦᠯᠵᠦ ᠬᠢᠨᠠᠨ ᠵᠦᠪᠯᠡᠭᠦᠯᠦᠨ᠎ᠡ᠃        ︵ᠭᠤᠷᠪᠠ︶ ᠢᠯᠡ ᠨᠡᠶᠢᠲᠡᠯᠡᠬᠦ᠃ ᠲᠤᠭᠤᠷᠢᠭ ᠤᠨ ᠵᠠᠰᠠᠭ ᠤᠨ ᠣᠷᠳᠤᠨ ᠬᠢᠨᠠᠨ ᠵᠦᠪᠯᠡᠵᠦ ᠵᠦᠪᠰᠢᠶᠡᠷᠡᠪᠡᠯ᠂ ᠲᠤᠭᠤᠷᠢᠭ ᠤᠨ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ ᠶᠢᠨ ᠲᠤᠪᠴᠢᠶ᠎ᠠ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ᠃        ︵ᠳᠦᠷᠪᠡ︶ ᠲᠠᠷᠬᠠᠭᠠᠬᠤ  ᠃ ᠢᠯᠡ ᠨᠡᠶᠢᠲᠡᠯᠡᠯ ᠳᠤ ᠤᠨᠳᠤᠤ ᠰᠠᠨᠠᠯ ᠦᠭᠡᠢ ᠪᠣᠯ ᠲᠤᠭᠤᠷᠢᠭ ᠤᠨ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ ᠶᠢᠨ ᠲᠤᠪᠴᠢᠶ᠎ᠠ ᠡᠳ᠋ ᠤᠨ ᠵᠠᠰᠠᠭ ᠤᠨ ᠲᠤᠪᠴᠢᠶ᠎ᠠ ᠲᠠᠢ ᠵᠦᠪᠳᠡᠯᠴᠡᠨ ᠲᠦᠷᠦ ᠶᠢᠨ ᠪᠤᠳᠤᠯᠭ᠎ᠠ ᠶᠢᠨ ᠳᠡᠳᠬᠦᠮᠵᠢ ᠶᠢᠨ ᠪᠡᠯᠡ ᠮᠦᠩᠭᠦ ᠶᠢ ᠲᠠᠷᠬᠠᠭᠠᠨ᠎ᠠ᠃        ᠲᠠᠪᠤᠳᠤᠭᠠᠷ ᠵᠤᠷᠪᠤᠰ    ᠤᠯᠤᠰ᠂ ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ ᠶᠢᠨ ᠰᠢᠨ᠎ᠡ ᠭᠠᠷᠭᠠᠭᠰᠠᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠤᠶᠤ ︽ᠡᠬᠡ ᠬᠠᠭᠤᠷᠠᠢ ᠪᠠ ᠭᠠᠷᠠᠮ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠢ ᠴᠤᠭᠴᠠᠯᠠᠬᠤ ᠬᠡᠷᠡᠭᠵᠢᠭᠦᠯᠬᠦ ᠲᠥᠰᠦᠯ︾ ᠳᠤ ᠲᠤᠬᠢᠷᠠᠭᠤᠯᠤᠯᠲᠠ ᠬᠢᠪᠡᠯ᠂ ᠲᠤᠰ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠵᠤᠭᠰᠤᠭᠠᠨ᠎ᠠ᠃        ᠵᠢᠷᠭᠤᠳᠤᠭᠠᠷ ᠵᠤᠷᠪᠤᠰ    ᠲᠤᠰ ᠲᠦᠷᠦ ᠶᠢᠨ ᠪᠤᠳᠤᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠬᠤᠭᠤᠴᠠᠭᠠᠨ ᠳᠤ ᠡᠷᠡᠮᠡᠯᠵᠡᠭᠡᠳ ᠬᠠᠷᠠᠬᠠᠨ ᠤᠯᠭᠤᠭ᠎ᠠ ᠦᠭᠡᠢ ᠨᠦᠬᠦᠪᠦᠷᠢ ᠶᠢᠨ ᠮᠦᠩᠭᠦ ᠶᠢ ᠠᠯᠭᠤᠷᠯᠠᠨ ᠤᠯᠭᠤᠵᠤ ᠪᠤᠯᠤᠨ᠎ᠠ᠃        ᠳᠤᠯᠤᠳᠤᠭᠠᠷ ᠵᠤᠷᠪᠤᠰ    ᠲᠤᠰ ᠲᠦᠷᠦ ᠶᠢᠨ ᠪᠤᠳᠤᠯᠭ᠎ᠠ ᠶᠢ ᠲᠤᠭᠤᠷᠢᠭ ᠤᠨ ᠵᠠᠰᠠᠭ ᠤᠨ ᠣᠷᠳᠤᠨ ᠬᠠᠷᠢᠭᠤᠴᠠᠨ ᠲᠠᠶᠢᠯᠪᠤᠷᠢᠯᠠᠨ᠎ᠠ᠂ ᠪᠤᠳᠠᠲᠠᠢ ᠲᠠᠶᠢᠯᠪᠤᠷᠢᠯᠠᠬᠤ ᠠᠵᠢᠯ ᠢ ᠲᠤᠭᠤᠷᠢᠭ ᠤᠨ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ ᠶᠢᠨ ᠲᠤᠪᠴᠢᠶ᠎ᠠ ᠡᠭᠦᠷᠭᠡᠯᠡᠨ᠎ᠡ᠃        ᠨᠠᠢᠮᠠᠳᠤᠭᠠᠷ ᠵᠤᠷᠪᠤᠰ    ᠳᠠᠭᠠᠯᠳᠤᠭᠤᠯᠤᠯ ᠳᠦᠷᠢᠮ        ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠪᠤᠯ ︽ᠡᠬᠡ ᠬᠠᠭᠤᠷᠠᠢ ᠪᠠ ᠭᠠᠷᠠᠮ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠤᠯᠠᠭᠠᠨᠬᠠᠳᠠ ᠶᠢᠨ ᠳᠡᠳ᠋ ᠲᠦᠷ ᠴᠠᠭ  ᠤᠨ ᠭᠠᠷᠠᠮ ᠤᠨ ᠠᠵᠤ ᠦᠢᠯᠡᠰ ᠤᠨ ᠲᠤᠭᠤᠷᠢᠭ ᠢ ᠴᠤᠭᠴᠠᠯᠠᠬᠤ ᠬᠡᠷᠡᠭᠵᠢᠭᠦᠯᠬᠦ ᠰᠠᠨᠠᠯ︾ ︵ᠤᠯᠠᠭᠠᠨᠬᠠᠳᠠ ᠨᠠᠮ ᠲᠠᠷᠬᠠᠭᠠᠭᠰᠠᠨ ﹇2018﹈ 17 ᠲᠤᠭᠠᠲᠤ︶ ᠳᠤ ᠲᠤᠭᠲᠠᠭᠠᠭᠰᠠᠨ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ  ᠤᠨ ᠠᠵᠤ ᠦᠢᠯᠡᠰ ᠤᠨ ᠨᠡᠭᠡᠭᠡᠯᠲᠡ ᠶᠢᠨ ᠲᠤᠭᠤᠷᠢᠭ ︽ᠨᠢᠭᠡ ᠲᠤᠭᠤᠷᠢᠭ ᠳᠦᠷᠪᠡᠨ ᠬᠦᠷᠢᠶᠡᠯᠡᠩ︾   ᠳᠠᠬᠢ ᠵᠡᠭᠦᠨ ᠠᠭᠤᠯᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ᠤᠤᠯ ᠤᠨ ᠮᠠ ᠯᠢᠨ ᠦᠢᠯᠡᠳᠪᠦᠷᠢ ᠶᠢᠨ ᠬᠦᠷᠢᠶᠡᠯᠡᠩ ᠲᠤᠭᠤᠷᠢᠭ︶ ᠪᠠ ᠶᠤᠸᠠᠨ ᠪᠤᠤ ᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠵᠢᠭᠠᠵᠤ ᠪᠤᠢ᠃        ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠭᠡᠵᠦ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠮᠫᠠᠨᠢ ᠶᠢᠨ ᠬᠠᠤᠯᠢ︾ ᠶᠢᠨ ᠬᠤᠶᠠᠷ ᠵᠠᠭᠤ ᠠᠷᠪᠠᠨ ᠵᠢᠷᠭᠤᠳᠤᠭᠠᠷ ᠵᠤᠷᠪᠤᠰ ᠲᠤ ᠲᠤᠭᠲᠠᠭᠠᠭᠰᠠᠨ ᠬᠠᠮᠢᠶ᠎ᠠ ᠪᠦᠬᠦᠢ ᠬᠦᠮᠦᠰ ᠢ ᠵᠢᠭᠠᠵᠤ ᠪᠤᠢ᠃        ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ᠄  ︽ᠹᠧᠢ ᠷᠦ᠋ ᠤᠯᠠᠭᠠᠨᠬᠠᠳᠠ ᠶᠢᠨ ᠳᠡᠳ᠋ ᠲᠦᠷ ᠴᠠᠭ ᠤᠨ ᠭᠠᠷᠠᠮ ᠤᠨ ᠠᠵᠤ ᠦᠢᠯᠡᠰ ᠤᠨ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠳᠦ ᠳᠡᠰ ᠤᠨ ᠬᠠᠮᠢᠶᠠᠷᠤᠯᠲᠠ ᠶᠢᠨ ᠴᠢᠳᠠᠪᠤᠷᠢᠲᠠᠨ ᠳᠤ ᠠᠮᠢᠳᠤᠷᠠᠯ ᠤᠨ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ︾ ᠶᠢᠨ ᠲᠤᠬᠠᠢ ᠲᠠᠶᠢᠯᠤᠮᠵᠢ
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号