ᠬᠤᠩᠱᠠᠨ ᠲᠣᠭᠤᠷᠢᠭ ᠴᠡᠭ ᠢᠶᠠᠷ ᠬᠡᠰᠡᠭ ᠢ ᠬᠠᠮᠤᠷᠤᠨ ᠠᠷᠠᠳ ᠤᠯᠠᠨ ᠤ ᠠᠮᠤᠷ ᠲᠤᠭᠲᠠᠭᠤᠨ ᠠᠳᠠᠯ ᠦᠢᠯᠡᠳᠪᠦᠷᠢᠯᠡᠯ ᠡᠷᠬᠢᠯᠡᠬᠦ ᠶᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2024/4/21
       2005 ᠣᠨ ᠠᠴᠠ ᠡᠮᠦᠨ᠎ᠡ ᠪᠠᠶᠢᠭᠤᠯᠤᠭᠰᠠᠨ ᠰᠠᠭᠤᠭᠠᠯᠢ ᠲᠤᠭᠤᠷᠢᠭ ᠤᠳ ᠲᠤ ᠬᠤᠩᠱᠠᠨ ᠲᠤᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ  ᠪᠦᠬᠦ  ᠬᠤᠲᠠ ᠶᠢᠨ ᠶᠡᠷᠦᠩᠬᠡᠢ ᠲᠣᠭᠠᠨ ᠤ 43% ᠶᠢ ᠡᠵᠡᠯᠡᠵᠦ᠂  ᠬᠡᠰᠡᠭ ᠪᠥᠯᠦᠭ ᠭᠡᠷ ᠪᠠᠷᠢᠯᠭ᠎ᠠ ᠣᠨ ᠤᠲᠠᠵᠤ᠂ ᠪᠠᠷᠢᠯᠭ᠎ᠠ ᠶᠢᠨ ᠪᠦᠲᠦᠴᠡ ᠬᠡᠯᠪᠡᠷᠢ ᠣᠯᠠᠨ ᠶᠠᠩᠵᠤ᠂ ᠪᠠᠶᠢᠳᠠᠯ ᠪᠣᠳᠤᠯᠢᠶᠠᠨᠲᠠᠢ᠂ ᠢᠵᠢ ᠪᠦᠷᠢᠳᠦᠭᠰᠡᠨ ᠲᠥᠬᠦᠭᠡᠷᠦᠮᠵᠢ ᠨᠢ ᠨᠡᠯᠢᠶᠡᠳ ᠬᠤᠴᠤᠷᠤᠩᠭᠤᠢ ᠵᠡᠷᠭᠡ ᠠᠰᠠᠭᠤᠳᠠᠯ ᠣᠷᠤᠰᠢᠵᠤ ᠪᠤᠢ᠃ ᠡᠶᠢᠮᠦ ᠠᠴᠠ ᠬᠤᠩᠱᠠᠨ ᠲᠣᠭᠤᠷᠢᠭ ᠨᠢ ᠦᠭᠡᠷᠡᠴᠢᠯᠡᠨ ᠪᠠᠶᠢᠭᠤᠯᠬᠤ ᠪᠠᠷ ᠭᠠᠷᠳᠠᠴᠠ ᠪᠣᠯᠭᠠᠨ᠂ ︽ᠭᠤᠷᠪᠠ ᠶᠢ ᠪᠠᠷᠢᠮᠲᠠᠯᠠᠨ︾  ︽ᠲᠤᠬᠢᠯᠠᠭ ᠰᠠᠭᠤᠴᠠ ᠶᠢᠨ ᠲᠥᠪᠡᠭᠳᠡᠯ︾ ᠢ ᠲᠥᠪᠯᠡᠷᠡᠭᠦᠯᠦᠨ ᠰᠢᠢᠳᠪᠦᠷᠢᠯᠡᠪᠡ᠃        ᠨᠢᠭᠡ ᠳᠤ᠂ ᠱᠠᠭᠠᠷᠳᠠᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠨ᠂ ᠠᠷᠠᠳ ᠤᠨ ᠰᠠᠨᠠᠯ ᠢ ᠥᠷᠭᠡᠨ ᠢᠶᠠᠷ ᠬᠤᠷᠢᠶᠠᠪᠠ᠃ ᠠᠶᠢᠯ ᠳᠠᠷᠠᠭᠠᠯᠠᠨ ᠰᠣᠷᠪᠤᠯᠵᠢᠯᠠᠬᠤ ᠰᠠᠭᠤᠭᠠᠯᠢ ᠠᠷᠠᠳ ︽ᠱᠠᠭᠠᠷᠳᠠᠯᠭ᠎ᠠ ᠪᠠᠨ ᠲᠤᠪᠶ᠋ᠢᠭᠯᠠᠨ ᠵᠠᠬᠢᠶᠠᠯᠠᠬᠤ︾ ᠠᠷᠭ᠎ᠠ ᠮᠠᠶ᠋ᠢᠭ ᠢᠶᠠᠷ᠂ ᠲᠠᠬᠢᠨ ᠪᠠᠶᠢᠭᠤᠯᠬᠤ ᠳᠤ ᠬᠤᠯᠪᠤᠭᠳᠠᠭᠰᠠᠨ ᠡᠷᠦᠬᠡ ᠶᠢᠨ ᠡᠵᠡᠳ  ᠲᠠᠢ ᠤᠶᠢᠯᠠᠭᠠᠯᠴᠠᠨ ᠵᠣᠬᠢᠴᠠᠭᠤᠯᠵᠤ᠂ 195 ᠡᠷᠦᠬᠡ ᠶᠢᠨ ᠡᠵᠡᠨ ᠪᠦᠬᠦᠨ ᠢᠶᠠᠷ ᠢᠶᠠᠨ ᠠᠶᠤᠯᠲᠠᠢ ᠪᠠᠷᠢᠯᠭ᠎ᠠ ᠶᠢ ᠲᠠᠬᠢᠨ ᠪᠠᠶᠢᠭᠤᠯᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃        ᠬᠤᠶᠠᠷ ᠲᠤ᠂ ᠵᠢᠱᠢᠶᠡᠴᠢ ᠳᠠᠭᠤᠷᠢᠶᠠᠯ ᠦᠵᠡᠭᠦᠯᠬᠦ ᠶᠢ ᠪᠠᠷᠢᠮᠲᠠᠯᠠᠨ᠂ ᠵᠤᠯᠭᠠᠯᠴᠠᠭᠤᠯᠤᠨ ᠢᠵᠢ ᠪᠥᠷᠢᠳᠦᠭᠦᠯᠬᠦ ᠶᠢ ᠴᠢᠬᠤᠯᠠᠴᠢᠯᠠᠪᠠ᠃ ︽ᠶᠡᠷᠦᠩᠬᠡᠶᠢᠯᠡᠨ ᠦᠭᠡᠷᠡᠴᠢᠯᠡᠨ ᠪᠠᠶᠢᠭᠤᠯᠬᠤ᠂ ᠴᠢᠨᠠᠷ ᠴᠢᠨᠰᠠᠭ᠎ᠠ ᠥᠷ᠎ᠡ ᠠᠰᠢᠭ ᠢ ᠳᠡᠭᠡᠭᠰᠢᠯᠡᠭᠦᠯᠬᠦ︾ ᠪᠠᠷᠢᠮᠵᠢᠶ᠎ᠠ ᠰᠢᠰᠲ᠋ᠧᠮ ᠢ ᠰᠥᠪᠡᠭᠴᠢᠯᠡᠨ ᠪᠠᠶᠢᠭᠤᠯᠵᠤ᠂ ᠪᠦᠬᠦ ᠬᠤᠲᠠ ᠳᠤ ᠬᠠᠮᠤᠭ ᠣᠷᠢᠳᠠᠪᠡᠷ ᠤᠰᠤ ᠪᠤᠬᠢᠷ ᠢ ᠰᠠᠯᠭᠠᠨ ᠤᠷᠤᠰᠬᠠᠵᠤ᠂ ᠳᠤᠮᠳᠠ ᠤᠰᠤᠨ ᠬᠤᠭᠤᠯᠠᠢ ᠶᠢᠨ ᠱᠣᠭᠤᠮ ᠢ ᠨᠡᠪᠲᠡᠷᠡᠭᠦᠯᠵᠦ᠂ ᠤᠶᠤᠨᠴᠢ ᠪᠠᠷ ᠬᠢᠨᠠᠯᠲᠠ ᠬᠢᠬᠦ ᠤᠭᠰᠠᠷᠠᠬᠤ ᠵᠡᠷᠭᠡ ᠬᠠᠭᠤᠴᠢᠨ ᠰᠠᠭᠤᠭᠠᠯᠢ ᠲᠤᠭᠤᠷᠢᠭ ᠤᠨ ᠲᠤᠲᠠᠭᠤᠳᠠᠯ ᠲᠤᠲᠠᠭᠳᠠᠯ ᠢ ᠨᠦᠬᠦᠪᠦᠷᠢᠯᠡᠵᠦ᠂  ᠢᠨᠵᠧᠨᠧᠷᠢᠩ ᠤᠨ ᠦᠭᠡᠷᠡᠴᠢᠯᠡᠨ ᠪᠠᠶᠢᠭᠤᠯᠤᠯᠲᠠ ᠳᠤ ᠣᠷᠤᠭᠤᠯᠵᠤ᠂  ᠬᠥᠮᠦᠨ ᠰᠠᠭᠤᠭᠠᠯᠢ ᠶᠢᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃        ᠭᠤᠷᠪᠠ ᠳᠤ᠂ ᠰᠢᠨ᠎ᠡ ᠶᠢ ᠡᠭᠦᠳᠬᠦ ᠰᠥᠪᠡᠭᠴᠢᠯᠡᠯᠲᠡ ᠶᠢ ᠪᠠᠷᠢᠮᠲᠠᠯᠠᠨ᠂ ᠲᠥᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠲᠤᠭᠤᠷᠢᠭ ᠤᠨ ᠬᠡᠰᠡᠭ ᠪᠥᠯᠦᠭ D ᠳᠡᠰ ᠤᠨ ᠠᠶᠤᠯᠲᠠᠢ ᠭᠡᠷ ᠪᠠᠷᠢᠯᠭ᠎ᠠ ᠪᠠᠷ ᠲᠤᠭᠲᠠᠭᠠᠭᠳᠠᠭᠰᠠᠨ ᠪᠠᠷᠢᠯᠭ᠎ᠠ ᠶᠢᠨ ᠲᠣᠭᠤᠷᠢᠨ ᠳᠤ᠂ ᠣᠯᠠᠨ ᠲᠥᠮᠡᠨ ᠤ ᠠᠮᠢ ᠨᠠᠰᠤ ᠡᠳ᠋ ᠬᠥᠷᠦᠩᠭᠡ ᠶᠢᠨ ᠠᠮᠤᠷ ᠲᠥᠪᠰᠢᠨ ᠢ ᠬᠠᠮᠠᠭᠠᠯᠠᠬᠤ ᠪᠠᠷ ᠭᠠᠷᠳᠠᠴᠠ ᠪᠣᠯᠭᠠᠨ᠂ ︽ᠨᠡᠶᠢᠭᠡᠮ ᠨᠡᠶᠢᠲᠡ ᠪᠠᠷ ᠢᠶᠠᠨ ᠬᠠᠨᠳᠢᠪᠯᠠᠨ᠂ ᠰᠠᠭᠤᠭᠠᠯᠢ ᠠᠷᠠᠳ ᠨᠡᠮᠡᠷᠢ ᠦᠵᠡᠭᠦᠯᠵᠦ᠂  ᠵᠠᠰᠠᠭ ᠤᠨ ᠣᠷᠳᠤᠨ ᠬᠤᠪᠢᠶᠠᠯᠴᠠᠨ ᠡᠭᠦᠷᠭᠡᠯᠡᠬᠦ︾ ᠠᠵᠢᠯ ᠤᠨ ᠠᠷᠭ᠎ᠠ ᠮᠠᠶ᠋ᠢᠭ ᠢᠶᠠᠷ ᠣᠷᠤᠨ ᠰᠠᠭᠤᠴᠠ ᠪᠥᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠬᠡᠷᠡᠭᠵᠢᠭᠦᠯᠬᠦ ᠲᠥᠰᠦᠯ ᠲᠤᠭᠲᠠᠭᠠᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠳᠠᠲᠠᠢ ᠬᠡᠷᠡᠭᠵᠢᠭᠦᠯᠵᠦ᠂  ᠦᠪᠡᠷᠲᠡᠭᠡᠨ ᠵᠠᠰᠠᠬᠤ ᠣᠷᠤᠨ ᠤ ᠠᠩᠬᠠᠳᠠᠭᠴᠢ ᠠᠶᠤᠯᠲᠠᠢ ᠪᠠᠷᠢᠯᠭ᠎ᠠ ᠶᠢ ᠲᠠᠬᠢᠨ ᠪᠠᠶᠢᠭᠤᠯᠬᠤ ᠲᠥᠪᠬᠢᠨᠡᠭᠦᠯᠬᠦ ᠲᠥᠷᠦᠯ ᠵᠦᠢᠯ ᠢ ᠠᠮᠵᠢᠯᠲᠠᠲᠠᠢ ᠨᠠᠶᠢᠳᠠᠪᠤᠷᠢᠵᠢᠭᠤᠯᠪᠠ᠃        ᠤᠳᠤᠬᠠᠨ ᠪᠣᠯᠲᠠᠯ᠎ᠠ ᠬᠤᠩᠱᠠᠨ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠤᠨ ᠦᠭᠡᠷᠡᠴᠢᠯᠡᠨ ᠪᠠᠶᠢᠭᠤᠯᠤᠯᠲᠠ ᠳᠤ ᠬᠤᠯᠪᠤᠭᠳᠠᠭᠰᠠᠨ ᠲᠠᠯᠠᠪᠠᠢ 527 ᠲᠥᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ ᠰᠥᠩ ᠵᠸᠦ ᠶᠤᠸᠠᠨ ᠰᠠᠭᠤᠭᠠᠯᠢ ᠲᠣᠭᠤᠷᠢᠭ᠂ ᠬᠤᠸᠠ ᠶᠤᠸᠠᠨ ᠰᠠᠭᠤᠭᠠᠯᠢ ᠲᠣᠭᠤᠷᠢᠭ ᠤᠨ B ᠲᠤᠭᠤᠷᠢᠭ ᠤᠨ ᠶᠡᠷᠦᠩᠬᠡᠶᠢᠯᠡᠭᠰᠡᠨ ᠦᠭᠡᠷᠡᠴᠢᠯᠡᠨ ᠪᠠᠶᠢᠭᠤᠯᠤᠯᠲᠠ ᠶᠢᠨ ᠲᠥᠷᠦᠯ ᠵᠦᠢᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ  ᠪᠠᠶᠢᠭᠤᠯᠵᠤ ᠰᠢᠯᠢᠳᠡᠭᠵᠢᠭᠦᠯᠬᠦ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠦᠯ ᠵᠦᠢᠯ ᠢᠶᠠᠷ ᠦᠨᠡᠯᠡᠭᠳᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号