ᠬᠤᠩᠱᠠᠨ ᠲᠣᠭᠤᠷᠢᠭ ᠭᠤᠷᠪᠠᠨ ᠴᠢᠭᠯᠡᠯ ᠢᠶᠠᠷ ᠬᠦᠴᠦᠯᠡᠵᠦ ᠰᠤᠶᠤᠯ ᠵᠢᠭᠤᠯᠴᠢᠯᠠᠯ ᠤᠨ ᠠᠵᠤ ᠦᠢᠯᠡᠰ ᠢ ᠴᠡᠴᠡᠭᠯᠡᠭᠦᠯᠦᠨ ᠬᠦᠭᠵᠢᠭᠦᠯᠪᠡ
ᠨᠡᠶᠢᠲᠡᠯᠡᠭᠰᠡᠨ ᠴᠠᠭ᠄
2024/4/23
       ᠨᠢᠭᠡ ᠳᠤ ᠭᠤᠣᠯᠳᠠᠯᠭ᠎ᠠ ᠲᠠᠢ ᠲᠥᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠪᠴᠢᠯᠡᠨ ᠠᠬᠢᠭᠤᠯᠪᠠ᠃ ᠰᠢ ᠶᠤᠸᠠᠢ ᠭᠤᠣᠯ ᠤᠨ ᠬᠦᠨᠳᠡᠢ ᠶᠢᠨ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠳᠤ ᠪᠣᠯᠲᠠᠯ᠎ᠠ 1.77 ᠳ᠋ᠦᠩᠰᠢᠭᠤᠷ ᠲᠥᠭᠦᠷᠢᠭ ᠪᠡᠯᠡ ᠣᠷᠤᠭᠤᠯᠵᠤ᠂  ᠤᠳᠤ ᠶᠠᠭ ᠭᠤᠣᠯ ᠦᠵᠡᠮᠵᠢ ᠶᠢᠨ ᠣᠷᠤᠨ ᠢ ᠪᠠᠶᠢᠭᠤᠯᠵᠤ ᠪᠣᠢ᠃ ᠬᠤᠩᠱᠠᠨ ᠠᠮᠢᠲᠠᠨ ᠤ ᠶᠢᠷᠲᠢᠨᠴᠦ ᠶᠢᠨ ᠲᠦᠷᠦᠯ ᠵᠦᠢᠯ ᠢ ᠶᠠᠭ ᠳᠤᠮᠳᠠᠳᠤ ᠤᠯᠤᠰ ᠤᠨ ᠲᠡᠮᠦᠷ ᠵᠠᠮ ᠤᠨ ᠪᠠᠶᠢᠭᠤᠯᠤᠯᠲᠠ ᠬᠥᠭᠵᠢᠭᠦᠯᠦᠯᠲᠡ ᠶᠢᠨ ᠪᠦᠯᠦᠭᠯᠡᠯᠲᠦ ᠬᠢᠵᠠᠭᠠᠷᠲᠤ ᠺᠤᠮᠫᠠᠨᠢ᠂ ᠪᠡᠭᠡᠵᠢᠩ ᠤᠨ ᠵᠢᠶᠠ ᠵᠢᠩ ᠷᠦᠨ ᠴᠧᠩ ᠬᠢᠵᠠᠭᠠᠷᠲᠤ ᠺᠤᠮᠫᠠᠨᠢ ᠲᠠᠢ ᠭᠦᠨ ᠭᠦᠨᠵᠡᠭᠡᠢ ᠵᠥᠪᠳᠡᠨ ᠬᠡᠯᠡᠯᠴᠡᠵᠦ᠂  ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠪᠡᠯᠡᠳᠬᠡᠵᠦ ᠪᠤᠢ᠃        ᠬᠤᠶᠠᠷ ᠲᠤ ᠬᠤᠩᠱᠠᠨ ᠰᠤᠶᠤᠯ ᠤᠨ ᠥᠪ ᠢ ᠡᠷᠡᠮᠡᠯᠵᠡᠬᠦ ᠠᠵᠢᠯ ᠢ ᠦᠷᠭᠦᠯᠵᠢᠯᠡᠨ ᠠᠬᠢᠭᠤᠯᠪᠠ᠃ ︽ᠬᠤᠩᠱᠠᠨ ᠰᠤᠶᠤᠯ ᠢᠶᠠᠷ ᠨᠡᠷᠡᠶᠢᠳᠦᠭᠳᠡᠭᠰᠡᠨ 70  ᠵᠢᠯ ᠤᠨ ᠤᠢ ᠶᠢᠨ ᠰᠤᠳᠤᠯᠤᠨ ᠶᠠᠷᠢᠯᠴᠠᠬᠤ ᠬᠤᠷᠠᠯ︾  ᠢ ᠢᠳᠡᠪᠬᠢᠲᠡᠢ ᠠᠬᠢᠭᠤᠯᠤᠨ᠂ ᠤᠳᠤᠬᠠᠨ ᠳᠤ ᠠᠵᠢᠯᠯᠠᠭᠠᠨ ᠤ ᠲᠥᠯᠦᠪᠯᠡᠭᠡ ᠶᠢ ᠡᠷᠡᠮᠡᠯᠵᠡᠨ ᠮᠡᠳᠡᠭᠦᠯᠬᠦ ᠪᠠ ᠠᠵᠢᠯᠯᠠᠭᠠᠨ ᠤ ᠲᠥᠰᠦᠯ ᠢ ᠲᠤᠭᠲᠠᠭᠠᠬᠤ ᠠᠵᠢᠯ ᠢ ᠨᠢᠭᠡᠨᠲᠡ ᠳᠠᠭᠤᠰᠬᠠᠵᠤ᠂  ᠦᠪᠡᠷᠲᠡᠭᠡᠨ ᠵᠠᠰᠠᠬᠤ ᠣᠷᠤᠨ ᠤ ᠳᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ  50 ᠲᠥᠮᠡᠨ ᠲᠥᠭᠦᠷᠢᠭ ᠤᠨ ᠪᠡᠯᠡ ᠮᠦᠩᠭᠦ  ᠳᠡᠮᠵᠢᠵᠦ᠂  ᠣᠳᠤ ᠶᠠᠭ ᠲᠤᠰᠬᠠᠢ ᠮᠡᠷᠭᠡᠵᠢᠯᠲᠡᠨ᠂ ᠡᠷᠳᠡᠮᠲᠡᠨ ᠵᠢᠴᠢ  ᠬᠠᠮᠢᠶ᠎ᠠ ᠪᠥᠬᠦᠢ ᠣᠳᠤᠷᠢᠳᠤᠯᠭ᠎ᠠ ᠳᠤ ᠤᠷᠢᠯᠭ᠎ᠠ ᠶᠢᠨ ᠪᠢᠴᠢᠭ ᠦᠢᠯᠡᠳᠬᠦ ᠶᠢᠨ ᠬᠠᠮᠲᠤ ᠱᠠᠲᠤ ᠳᠠᠷᠠᠭᠠᠯᠠᠨ ᠡᠷᠡᠮᠡᠯᠵᠡᠯ ᠢ ᠬᠢᠨᠠᠨ ᠵᠦᠪᠰᠢᠶᠡᠷᠡᠭᠦᠯᠬᠦ ᠪᠠᠷ ᠳᠡᠪᠰᠢᠭᠦᠯᠵᠦ ᠪᠤᠢ᠃        ᠭᠤᠷᠪᠠ ᠳᠤ ᠰᠤᠶᠤᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠬᠤ ᠶᠢ ᠢᠳᠡᠪᠬᠢᠲᠡᠢ ᠠᠬᠢᠭᠤᠯᠪᠠ᠃ ᠰᠤᠶᠤᠯ ᠵᠢᠭᠤᠯᠴᠢᠯᠠᠯ ᠤᠨ ᠲᠥᠷᠦᠯ ᠵᠦᠢᠯ ᠤᠨ ᠲᠤᠭᠤᠷᠢᠨ ᠳᠤ ᠠᠵᠤ ᠠᠬᠤᠶᠢᠯᠠᠯ ᠤᠨ ᠬᠤᠭᠤᠷᠤᠨᠳᠤᠬᠢ ᠤᠶᠢᠯᠠᠭᠠᠯᠴᠠᠭ᠎ᠠ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠲᠦᠷᠦᠯ ᠵᠦᠢᠯ ᠤᠨ ᠬᠦᠨᠵᠡᠭᠡᠢ ᠬᠠᠮᠵᠢᠯᠴᠠᠬᠤ ᠶᠢ ᠲᠦᠷᠭᠡᠪᠴᠢᠯᠡᠨ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠡᠷ ᠢᠯᠠᠬᠤ ᠬᠠᠮᠲᠤᠪᠡᠷ ᠬᠦᠭᠵᠢᠯᠲᠡ ᠶᠢ ᠪᠡᠶᠡᠯᠡᠭᠦᠯᠵᠦ᠂  ᠬᠤᠩᠱᠠᠨ ᠲᠣᠭᠤᠷᠢᠭ ᠵᠢᠭᠤᠯᠴᠢᠯᠠᠯ ᠢ ᠳᠡᠰ ᠳᠡᠪᠰᠢᠭᠦᠯᠪᠡ᠃ ᠨᠢᠭᠡᠳᠦᠭᠡᠷ ᠤᠯᠠᠷᠢᠯ ᠳᠤ ᠬᠤᠩᠱᠠᠨ ᠲᠣᠭᠤᠷᠢᠭ ᠤᠨ ᠵᠢᠭᠤᠯᠴᠢᠯᠠᠯ ᠤᠨ ᠬᠦᠯᠢᠶᠡᠨ ᠵᠤᠴᠢᠯᠠᠭᠰᠠᠨ ᠬᠦᠮᠦᠨ ᠤ ᠲᠤᠭ᠎ᠠ 103.17 ᠲᠥᠮᠡᠨ ᠬᠦᠮᠦᠨ ᠬᠦᠷᠴᠦ᠂ ᠵᠢᠭᠤᠯᠴᠢᠯᠠᠯ ᠤᠨ ᠣᠷᠤᠯᠭ᠎ᠠ 14.39 ᠳ᠋ᠦᠩᠰᠢᠭᠤᠷ ᠲᠦᠭᠦᠷᠢᠭ ᠬᠦᠷᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号