ᠬᠤᠩᠱᠠᠨ ᠲᠣᠭᠤᠷᠢᠭ ᠭᠤᠷᠪᠠᠨ ᠦᠪᠡᠷᠲᠡᠭᠡᠨ ᠵᠠᠰᠠᠬᠤ ᠣᠷᠤᠨ ᠤ ᠳᠡᠰ ᠤᠨ ᠰᠢᠨᠵᠢᠯᠡᠭᠡ ᠮᠡᠷᠭᠡᠵᠢᠯ ᠤᠨ ᠲᠥᠯᠦᠪᠯᠡᠭᠡ ᠶᠢᠨ ᠲᠦᠷᠦᠯ ᠵᠦᠢᠯ ᠤᠨ ᠶᠡᠷᠦᠩᠬᠡᠶᠢᠯᠡᠭᠰᠡᠨ ᠬᠢᠷᠢ ᠪᠦᠲᠦᠮᠵᠢ ᠶᠢᠨ ᠦᠨᠡᠯᠡᠯᠲᠡ᠂ ᠪᠠᠶᠢᠴᠠᠭᠠᠨ ᠰᠢᠯᠭᠠᠯᠲᠠ ᠶᠢ ᠠᠮᠵᠢᠯᠲᠠᠲᠠᠢ ᠦᠩᠭᠡᠷᠡᠭᠡᠪᠡ
ᠨᠡᠶᠢᠲᠡᠯᠡᠭᠰᠡᠨ ᠴᠠᠭ᠄
2024/6/24
       ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡ᠂ ᠠᠵᠤ ᠠᠬᠤᠶᠢᠯᠠᠯ ᠳᠤ ᠬᠠᠪᠰᠤᠷᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠨ ᠬᠦᠭᠵᠢᠭᠦᠯᠬᠦ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠦᠭᠡ ᠤᠶᠢᠷ᠎ᠠ ᠳᠤ ᠬᠤᠩᠱᠠᠨ ᠲᠣᠭᠤᠷᠢᠭ ᠦᠪᠦᠷ ᠮᠤᠩᠭᠤᠯ ᠤᠨ ᠮᠤᠩᠭᠤᠯ ᠬᠢᠲᠠᠳ ᠡᠮ ᠤᠨ ᠰᠢᠨ᠎ᠡ ᠶᠢ ᠡᠭᠦᠳᠬᠦ ᠲᠥᠪ ᠤᠨ ᠬᠢᠵᠠᠭᠠᠷᠲᠤ ᠺᠤᠮᠫᠠᠨᠢ᠂ ᠦᠪᠦᠷ ᠮᠤᠩᠭᠤᠯ ᠤᠨ ᠫᠦ᠋ ᠺᠠᠩ ᠡᠮ ᠤᠨ ᠦᠢᠯᠡᠰ ᠤᠨ ᠬᠢᠵᠠᠭᠠᠷᠲᠤ ᠺᠤᠮᠫᠠᠨᠢ ᠵᠡᠷᠭᠡ ᠭᠤᠷᠪᠠᠨ ᠨᠢᠭᠡᠴᠡ ᠶᠢ ᠵᠤᠬᠢᠶᠠᠨ ᠪᠠᠶᠢᠭᠤᠯᠵᠤ᠂  ᠦᠪᠡᠷᠲᠡᠭᠡᠨ ᠵᠠᠰᠠᠬᠤ ᠣᠷᠤᠨ ᠤ ᠰᠢᠨᠵᠢᠯᠡᠭᠡ ᠮᠡᠷᠭᠡᠵᠢᠯ ᠤᠨ ᠲᠢᠩᠬᠢᠮ ᠳᠤ ᠪᠤᠯᠵᠤᠨ᠂ ᠦᠪᠡᠷᠲᠡᠭᠡᠨ ᠵᠠᠰᠠᠬᠤ ᠣᠷᠤᠨ ᠤ ᠰᠢᠨᠵᠢᠯᠡᠭᠡ ᠮᠡᠷᠭᠡᠵᠢᠯ ᠤᠨ ᠲᠢᠩᠬᠢᠮ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠪᠤᠳᠠᠲᠠᠶᠢᠵᠢᠭᠤᠯᠤᠨ ᠠᠰᠢᠭᠯᠠᠬᠤ ᠲᠥᠪ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠷᠢ ᠪᠦᠲᠦᠮᠵᠢ ᠶᠢᠨ ᠬᠢᠨᠠᠨ ᠰᠢᠯᠭᠠᠯᠲᠠ ᠶᠢᠨ ᠠᠵᠢᠯ ᠳᠤ ᠣᠷᠤᠯᠴᠠᠵᠤ᠂  ᠭᠤᠷᠪᠠᠨ ᠨᠢᠭᠡᠴᠡ ᠶᠢᠨ ᠳᠠᠭᠠᠭᠠᠴᠢᠯᠠᠨ ᠭᠦᠢᠴᠡᠳᠬᠡᠭᠰᠡᠨ  ︽ᠮᠤᠩᠭᠤᠯ ᠬᠢᠲᠠᠳ ᠡᠮ ᠤᠨ ᠵᠤᠷ ᠤᠨ ᠮᠦᠬᠦᠯᠢᠭ ᠪᠣᠯᠪᠠᠰᠤᠷᠠᠭᠤᠯᠬᠤ ᠤᠷ᠎ᠠ ᠪᠠ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢᠨ ᠰᠣᠳᠤᠯᠭᠠᠨ︾᠂  ︽ᠮᠤᠩᠭᠤᠯ ᠬᠢᠲᠠᠳ ᠡᠮ ᠤᠨ ᠵᠣᠷ ᠤᠨ ᠮᠦᠬᠦᠯᠢᠭ ᠪᠣᠯᠪᠠᠰᠤᠷᠠᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ︾ ᠵᠡᠷᠭᠡ ᠭᠤᠷᠪᠠᠨ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠪᠠ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠪᠤᠳᠠᠲᠠᠶᠢᠵᠢᠭᠤᠯᠤᠨ ᠠᠰᠢᠭᠯᠠᠬᠤ ᠲᠦᠷᠦᠯ ᠵᠦᠢᠯ ᠳᠤ ᠶᠡᠷᠦᠩᠬᠡᠶᠢᠯᠡᠭᠰᠡᠨ ᠬᠢᠷᠢ ᠪᠦᠲᠦᠮᠵᠢ ᠶᠢᠨ ᠦᠨᠡᠯᠡᠯᠲᠡ ᠬᠢᠪᠡ᠃ ᠵᠦᠪᠯᠡᠨ ᠲᠤᠭᠲᠠᠭᠠᠭᠰᠠᠨ ᠢᠶᠠᠷ ᠫᠦ᠋ ᠺᠠᠩ ᠡᠮ ᠤᠨ ᠦᠢᠯᠡᠰ ᠪᠠ ᠲᠢᠶᠠᠨ ᠴᠢ ᠡᠮ ᠤᠨ ᠦᠢᠯᠡᠰ ᠬᠤᠶᠠᠷ ᠨᠢᠭᠡᠴᠡ ᠶᠢᠨ ᠲᠦᠷᠦᠯ ᠵᠦᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢᠨ ᠳᠡᠰ ᠰᠢᠯᠢᠳᠡᠭ ᠰᠠᠶᠢᠨ ᠪᠠᠶᠢᠵᠤ᠂  ᠭᠤᠷᠪᠠᠨ ᠲᠦᠷᠦᠯ ᠵᠦᠢᠯ ᠪᠦᠬᠦᠨ ᠢᠶᠠᠷ ᠢᠶᠠᠨ ᠠᠮᠵᠢᠯᠲᠠᠲᠠᠢ ᠪᠠᠷ ᠬᠢᠨᠠᠨ ᠰᠢᠯᠭᠠᠯᠲᠠ ᠶᠢ ᠦᠩᠭᠡᠷᠡᠭᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号