ᠬᠤᠩᠱᠠᠨ ᠲᠣᠭᠤᠷᠢᠭ ᠰᠤᠨᠤᠷ ᠢ ᠪᠠᠶᠠᠰᠬᠠᠬᠤ ᠨᠢᠵᠢᠭᠢᠷ ᠨᠠᠶᠢᠷ ᠬᠢᠵᠦ ᠰᠤᠶᠤᠯ ᠵᠢᠭᠤᠯᠴᠢᠯᠠᠯ ᠬᠡᠷᠡᠭᠯᠡᠭᠡᠨ ᠤ ︽ᠰᠢᠨ᠎ᠡ ᠬᠦᠳᠡᠯᠭᠡᠭᠦᠷ︾ ᠢ ᠠᠵᠢᠯᠯᠠᠭᠤᠯᠬᠤ ᠪᠣᠯᠤᠨ᠎ᠠ
ᠨᠡᠶᠢᠲᠡᠯᠡᠭᠰᠡᠨ ᠴᠠᠭ᠄
2024/8/15
       ᠰᠤᠶᠤᠯ ᠵᠢᠭᠤᠯᠴᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠢᠳᠡᠪᠬᠢᠵᠢᠭᠦᠯᠵᠦ᠂  ᠰᠠᠭᠤᠭᠠᠯᠢ ᠠᠷᠠᠳ ᠤᠨ ᠣᠶᠣᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂  ᠰᠠᠭᠤᠭᠠᠯᠢ ᠠᠷᠠᠳ ᠤᠨ ᠤᠶᠤᠨ ᠰᠠᠨᠠᠭ᠎ᠠ ᠶᠢ ᠪᠠᠶᠠᠯᠢᠭᠵᠢᠭᠤᠯᠬᠤ ᠶᠢᠨ ᠲᠥᠯᠦᠭᠡ ᠬᠤᠩᠱᠠᠨ ᠲᠣᠭᠤᠷᠢᠭ 8 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ ᠬᠤᠩᠱᠠᠨ ᠤᠯᠤᠰ ᠤᠨ ᠤᠢ ᠰᠢᠭᠤᠢ ᠶᠢᠨ ᠴᠡᠴᠡᠷᠯᠢᠭ  ᠤᠨ ᠪᠠᠷᠠᠭᠤᠨ ᠡᠮᠦᠨ᠎ᠡ ᠲᠠᠯ᠎ᠠ ᠶᠢᠨ ᠠᠭᠤᠳᠠᠮ ᠲᠠᠯᠠᠪᠠᠢ ᠳᠤ ᠬᠤᠩᠱᠠᠨ ᠳᠠᠭᠤᠤ ᠬᠥᠭᠵᠢᠮ ᠤᠨ ᠨᠠᠶᠢᠷ ᠢ ᠵᠤᠬᠢᠶᠠᠨ ᠪᠠᠶᠢᠭᠤᠯᠬᠤ ᠪᠣᠯᠤᠨ᠎ᠠ᠃ ᠲᠤᠰ ᠠᠵᠢᠯᠯᠠᠭᠠᠨ ᠢ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠭᠠᠨ ᠵᠢᠯᠤᠭᠤᠳᠴᠤ᠂  ᠵᠦᠩ ᠶᠠ ᠮᠠᠨ ᠺᠧ ᠳᠠᠭᠠᠭᠠᠴᠢᠯᠠᠨ ᠡᠷᠬᠢᠯᠡᠪᠡ᠃ ᠮᠸᠢ ᠺᠠ ᠳ᠋ᠧ ᠡᠯ᠂  ᠵᠢᠦ ᠪᠤᠤ᠂ ᠬᠠᠩᠭᠠᠢ᠂ ᠮᠠ ᠶᠤᠸᠠᠨ ᠱᠢ ᠷᠧᠨ ᠵᠡᠷᠭᠡ 14  ᠬᠠᠮᠲᠤᠯᠢᠭ ᠲᠠᠶᠢᠰᠠᠨ ᠳᠤ ᠭᠠᠷᠴᠤ 212  ᠳᠠᠭᠤᠤ ᠡᠷᠭᠦᠬᠦ ᠪᠣᠯᠤᠨ᠎ᠠ᠂  ᠨᠠᠷᠭᠢᠶ᠎ᠠ ᠳᠠᠭᠤᠤ ᠬᠦᠭᠵᠢᠮ᠂  ᠠᠷᠠᠳ ᠤᠨ ᠳᠠᠭᠤᠤ᠂  ᠡᠯᠧᠺᠲᠷᠤᠨ ᠬᠦᠭᠵᠢᠮ ᠵᠡᠷᠭᠡ ᠣᠯᠠᠨ ᠲᠦᠷᠦᠯ ᠤᠨ ᠳᠠᠭᠤᠤ ᠬᠦᠭᠵᠢᠮ ᠪᠠᠭᠠᠵᠢ ᠵᠢᠮᠰᠡᠭ ᠢ ᠪᠠᠭᠲᠠᠭᠠᠨ᠎ᠠ᠂  8 ᠰᠠᠷ᠎ᠠ ᠶᠢᠨ 1 ᠤ ᠡᠳᠦᠷ ᠠᠴᠠ ᠡᠬᠢᠯᠡᠨ ᠫᠢᠶᠤᠤ ᠰᠢᠩ ᠴᠢᠦ᠂  ᠮᠣᠣ ᠶᠠᠨ᠂ ᠳ᠋ᠠ ᠮᠠᠢ ᠵᠡᠷᠭᠡ 5 ᠲᠠᠪᠴᠠᠩ ᠳᠤ ᠪᠢᠯᠧᠲ ᠬᠤᠳᠠᠯᠳᠤᠵᠤ ᠡᠬᠢᠯᠡᠪᠡ᠃ ᠤᠳᠤᠬᠠᠨ ᠪᠣᠯᠲᠠᠯ᠎ᠠ  4000 ᠢᠯᠡᠭᠦᠦ ᠪᠢᠯᠧᠲ ᠬᠤᠳᠠᠯᠳᠤᠵᠤ᠂  ᠨᠡᠶᠢᠲᠡ 75  ᠲᠥᠮᠡ ᠭᠠᠷᠤᠢ ᠲᠥᠭᠦᠷᠢᠭ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号