| | | 7 ᠰᠠᠷ᠎ᠠ ᠶᠢᠨ 22 ᠤ ᠡᠳᠦᠷ᠂ ᠬᠤᠩᠱᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ | ᠬᠤᠷᠢᠶᠠᠨ ᠤ ᠱᠦᠵᠢ᠂ ᠲᠣᠭᠤᠷᠢᠭ ᠤᠨ ᠳᠠᠷᠤᠭ᠎ᠠ ᠵᠣᠣ ᠯᠠᠨ ᠭᠤᠸᠠᠩ ᠲᠤᠭᠤᠷᠢᠭ ᠤᠨ ᠵᠠᠰᠠᠭ ᠤᠨ ᠣᠷᠳᠣᠨ ᠤ | 2024 ᠣᠨ ᠤ ᠲᠠᠪᠤᠳᠤᠭᠠᠷ ᠤᠳᠠᠭᠠᠨ ᠤ ᠬᠤᠷᠠᠯᠳᠤᠭᠠᠨ ᠪᠠ ᠠᠷᠪᠠᠨ ᠭᠤᠷᠪᠠᠳᠤᠭᠠᠷ ᠤᠳᠠᠭᠠᠨ ᠤ ᠨᠠᠮ ᠤᠨ | ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ | ᠳᠤᠭᠤᠶᠢᠯᠠᠩ ᠤᠨ ᠭᠡᠰᠢᠭᠦᠳ ᠬᠤᠷᠠᠯ ᠳᠤ ᠤᠷᠤᠯᠴᠠᠵᠤ᠂ ᠬᠠᠮᠢᠶ᠎ᠠ ᠪᠥᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ | ᠨᠦᠬᠦᠳ ᠬᠤᠷᠠᠯ ᠳᠤ ᠰᠤᠯᠠ ᠣᠷᠣᠯᠴᠠᠪᠠ᠃ | ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ︽ᠬᠤᠩᠱᠠᠨ ᠲᠣᠭᠤᠷᠢᠭ ᠤᠨ | ᠬᠤᠳᠳᠤᠭ ᠢ ᠪᠢᠳᠡᠭᠦᠮᠵᠢᠯᠡᠵᠦ ᠤᠰᠤ ᠵᠤᠭᠰᠤᠭᠠᠬᠤ ᠠᠵᠢᠯ ᠤᠨ ᠲᠥᠰᠦᠯ︾ ᠢ ᠬᠢᠨᠠᠨ ᠵᠥᠪᠯᠡᠪᠡ᠃ ᠲᠤᠭᠤᠷᠢᠭ ᠤᠨ | ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠬᠤᠷᠠᠯ ᠳᠤ ︽ᠬᠤᠩᠱᠠᠨ ᠲᠣᠭᠤᠷᠢᠭ ᠤᠨ ᠡᠯ᠎ᠡ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠢ ᠰᠠᠯᠠᠭ᠎ᠠ ᠮᠦᠴᠢᠷ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠨᠠᠷᠢᠨ ᠳᠠᠩᠰᠠ︾ ᠂ ︽ᠬᠤᠩᠱᠠᠨ ᠲᠣᠭᠤᠷᠢᠭ ᠤᠨ ᠨᠠᠮ | ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ | ᠨᠠᠷᠢᠨ ᠳᠠᠩᠰᠠ︾᠂ ︽ᠬᠤᠩᠱᠠᠨ ᠲᠣᠭᠤᠷᠢᠭ ᠠᠷᠪᠢᠯᠠᠨ ᠭᠠᠮᠨᠠᠬᠤ ᠶᠢ ᠡᠷᠬᠢᠮᠯᠡᠵᠦ ᠪᠤᠷᠤᠭᠵᠢᠭᠤᠨ ᠠᠮᠢᠳᠤᠷᠠᠬᠤ ᠶᠢ | ᠤᠯᠠᠮ ᠨᠢᠭᠡ ᠠᠯᠬᠤᠮ ᠬᠡᠷᠡᠭᠵᠢᠭᠦᠯᠬᠦ ᠲᠤᠬᠠᠢ ᠬᠠᠮᠢᠶ᠎ᠠ ᠪᠥᠬᠦᠢ ᠠᠷᠭ᠎ᠠ ᠬᠡᠮᠵᠢᠶ᠎ᠡ︾ ᠶᠢ ᠬᠢᠨᠠᠨ ᠵᠥᠪᠯᠡᠪᠡ᠃ | ᠠᠷᠠᠯᠵᠢᠶᠠᠴᠢᠨ ᠤᠷᠢᠵᠤ ᠪᠡᠯᠡ ᠲᠠᠲᠠᠬᠤ᠂ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠪᠠᠶᠢᠭᠤᠯᠬᠤ᠂ | ᠠᠯᠪᠠᠨ ᠭᠡᠷ ᠢ ᠰᠢᠯᠢᠳᠡᠭᠵᠢᠭᠦᠯᠦᠨ ᠲᠤᠬᠢᠷᠠᠭᠤᠯᠬᠤ ᠵᠡᠷᠭᠡ ᠵᠦᠢᠯᠡᠰ ᠢ ᠰᠤᠳᠤᠯᠤᠨ ᠶᠠᠷᠢᠯᠴᠠᠵᠤ᠂ ᠳᠠᠷᠠᠭ᠎ᠠ | ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠰᠢᠭᠤᠯᠪᠠ᠃ | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠰᠠᠯᠠᠭ᠎ᠠ ᠮᠦᠴᠢᠷ ᠨᠢᠭᠲᠠ ᠬᠠᠮᠵᠢᠯᠴᠠᠨ ᠪᠤᠳᠠᠲᠠᠢ ᠬᠠᠷᠢᠭᠤᠴᠠᠵᠤ᠂ ᠤᠰᠤᠨ ᠤ ᠬᠡᠷᠡᠭᠴᠡᠭᠡ ᠶᠢ | ᠬᠠᠩᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ ᠴᠠᠭ ᠤᠨ ᠳᠠᠷᠠᠭᠠᠯᠠᠯ ᠢᠶᠠᠷ ᠬᠤᠳᠳᠤᠭ ᠪᠢᠲᠡᠭᠦᠮᠵᠢᠯᠡᠵᠦ ᠤᠰᠤ | ᠵᠤᠭᠰᠤᠭᠠᠬᠤ ᠠᠵᠢᠯ ᠢ ᠠᠬᠢᠭᠤᠯᠬᠤ ᠶᠢᠨ ᠬᠠᠮᠲᠤ ᠪᠠᠶᠢᠩᠭᠤᠵᠢᠭᠰᠠᠨ ᠰᠢᠯᠭᠠᠨ ᠪᠠᠶᠢᠴᠠᠭᠠᠯᠲᠠ ᠪᠠ ᠤᠰᠤᠨ ᠤ ᠡᠬᠢ | ᠪᠠᠶᠠᠯᠢᠭ ᠤᠨ ᠬᠢᠨᠠᠨ ᠰᠢᠯᠭᠠᠯᠲᠠ ᠶᠢ ᠰᠠᠶᠢᠲᠤᠷ ᠬᠢᠵᠦ᠂ ᠭᠠᠵᠠᠷ ᠳᠤᠤᠷᠠᠬᠢ ᠤᠰᠤᠨ ᠤ ᠦᠷᠭᠦᠯᠵᠢᠯᠡᠨ ᠥᠰᠬᠦ ᠶᠢ | ᠠᠬᠢᠭᠤᠯᠬᠤ ᠬᠡᠷᠡᠭᠲᠡᠢ᠃ ᠡᠯ᠎ᠡ ᠲᠠᠷᠢᠶᠠᠯᠠᠩ ᠳᠤ ᠬᠤᠯᠪᠤᠭᠳᠠᠭᠰᠠᠨ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠢᠳᠡᠪᠬᠢᠲᠡᠢ ᠤᠬᠠᠮᠰᠠᠷ ᠠᠴᠠ ᠪᠠᠨ ᠠᠵᠢᠯ ᠤᠨ | ᠡᠭᠦᠷᠭᠡ ᠪᠠᠨ ᠡᠭᠦᠷᠭᠡᠯᠡᠵᠦ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠦᠭᠵᠢᠬᠦ ᠳᠤ ᠬᠦᠴᠦᠨ ᠢᠶᠠᠨ | ᠨᠡᠮᠡᠷᠢᠯᠡᠵᠦ᠂ ᠣᠯᠠᠨ ᠲᠥᠮᠡᠨ ᠤ ᠠᠵᠢᠯ ᠣᠯᠭᠤᠯᠲᠠ ᠶᠢᠨ ᠲᠤᠭᠲᠠᠭᠤᠨ ᠨᠡᠮᠡᠭᠳᠡᠯ ᠵᠢᠴᠢ ᠣᠷᠣᠯᠭ᠎ᠠ ᠪᠠᠨ | ᠦᠷᠭᠦᠯᠵᠢᠯᠡᠨ ᠨᠡᠮᠡᠭᠳᠡᠭᠦᠯᠬᠦ ᠶᠢ ᠳᠠᠶᠢᠴᠢᠯᠡᠬᠤ ᠬᠡᠷᠡᠭᠲᠡᠢ᠃ | | | ᠬᠤᠷᠠᠯ ᠠᠴᠠ ᠱᠠᠭᠠᠷᠳᠠᠭᠰᠠᠨ ᠨᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠬᠡ | ᠲᠤᠰᠢᠶᠠᠯ ᠪᠠ ᠬᠠᠷᠢᠭᠤᠴᠠᠯᠭ᠎ᠠ ᠶᠢᠨ ᠵᠠᠭᠠᠭ ᠢ ᠤᠯᠠᠮ ᠨᠢᠭᠡ ᠠᠯᠬᠤᠮ ᠲᠤᠳᠤᠷᠠᠭᠤᠯᠵᠤ᠂ ︽ᠨᠠᠮ ᠵᠠᠰᠠᠭ ᠢᠵᠢᠯ | ᠬᠠᠷᠢᠭᠤᠴᠠᠯᠭ᠎ᠠ ᠲᠠᠢ︾᠂ ︽ᠨᠢᠭᠡ ᠪᠠᠶᠢᠷᠢ ᠳᠤ ᠬᠤᠤᠰ ᠬᠠᠷᠢᠭᠤᠴᠠᠯᠭ᠎ᠠ︾ ᠶᠢ ᠯᠠᠪᠰᠢᠷᠠᠭᠤᠯᠵᠤ᠂ ᠡᠯ᠎ᠡ | ᠲᠦᠷᠦᠯ ᠤᠨ ᠠᠷᠭ᠎ᠠ ᠬᠡᠮᠵᠢᠶ᠎ᠡ ᠶᠢ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠴᠢᠨᠠᠷ ᠴᠢᠨᠰᠠᠭ᠎ᠠ ᠶᠢ ᠤᠷᠲᠤᠮᠵᠢ ᠶᠢᠨ ᠴᠢᠨᠠᠷᠲᠠᠢ ᠲᠤᠭᠲᠠᠭᠤᠨ ᠪᠠᠶᠢᠯᠭᠠᠬᠤ ᠶᠢ | ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠲᠠᠲᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠬᠠᠤᠯᠢ | ᠳᠦᠷᠢᠮ ᠶᠤᠰᠤᠭᠠᠷ ᠦᠨᠡᠨᠴᠢ ᠢᠲᠡᠭᠡᠮᠵᠢᠲᠡᠢ ᠪᠠᠷ ᠭᠡᠷ᠎ᠡ ᠶᠢ ᠬᠡᠷᠡᠭᠵᠢᠭᠦᠯᠬᠦ ᠬᠡᠷᠡᠭᠲᠡᠢ᠃ ᠪᠤᠷᠤᠭᠵᠢᠭᠤᠨ ᠠᠮᠢᠳᠤᠷᠠᠬᠤ | ᠦᠵᠡᠯ ᠰᠠᠨᠠᠭ᠎ᠠ ᠶᠢ ᠪᠠᠲᠤᠵᠢᠭᠤᠯᠤᠨ᠂ ᠲᠥᠰᠦᠪ ᠤᠨ ᠬᠠᠮᠢᠶᠠᠷᠤᠯᠲᠠ ᠪᠠ ᠥᠷ᠎ᠡ ᠠᠰᠢᠭ ᠢ ᠮᠦᠷᠲᠡᠨ ᠬᠢᠨᠠᠬᠤ ᠶᠢ | ᠴᠢᠩᠭᠠᠳᠬᠠᠵᠤ ᠂ ᠬᠡᠮᠵᠢᠶ᠎ᠡ ᠲᠠᠢ ᠡᠳ᠋ ᠤᠨ ᠵᠠᠰᠠᠭ ᠤᠨ ᠪᠡᠯᠡ ᠮᠦᠩᠭᠦ ᠪᠠᠷ ᠨᠡᠩ ᠶᠡᠭᠡ ᠥᠷ᠎ᠡ ᠠᠰᠢᠭ ᠢ ᠪᠦᠲᠦᠭᠡᠬᠦ | ᠬᠡᠷᠡᠭᠲᠡᠢ᠃ | | | | | | | | | | | | | | | | | | | | | | ᠁ |