ᠬᠤᠩᠱᠠᠨ ᠲᠣᠭᠤᠷᠢᠭ ᠤᠰᠤᠨ ᠳᠤ ᠠᠳᠡᠬᠦ ᠶᠢ ᠰᠡᠷᠭᠡᠶᠢᠯᠡᠬᠦ ᠬᠦᠮᠦᠵᠢᠯ ᠤᠨ ᠠᠵᠢᠯ ᠢ ᠪᠠᠲᠤᠲᠠᠢ ᠦᠷᠨᠢᠭᠦᠯᠪᠡ
ᠨᠡᠶᠢᠲᠡᠯᠡᠭᠰᠡᠨ ᠴᠠᠭ᠄
2024/8/22
       ᠨᠢᠭᠡ᠂ ᠡᠳᠦᠷ ᠪᠦᠷᠢ ᠬᠢᠴᠢᠶᠡᠯ ᠪᠠᠭᠤᠬᠤ ᠠᠴᠠ ᠡᠮᠦᠨᠡᠬᠢ ᠨᠢᠭᠡ ᠮᠢᠨᠦ᠋ᠲ᠂ ᠭᠠᠷᠠᠭ ᠤᠨ ᠰᠡᠭᠦᠯᠴᠢ ᠳᠤ ᠰᠤᠷᠭᠠᠭᠤᠯᠢ ᠲᠠᠷᠬᠠᠬᠤ ᠠᠴᠠ ᠡᠮᠦᠨᠡᠬᠢ ᠲᠠᠪᠤᠨ ᠮᠢᠨᠦ᠋ᠲ᠂ ᠠᠮᠠᠷᠠᠯᠲᠠ ᠪᠠᠶᠠᠷ ᠳᠤᠷᠠᠰᠬᠠᠯ ᠤᠨ ᠡᠳᠦᠷ ᠠᠴᠠ ᠡᠮᠦᠨᠡᠬᠢ ᠭᠤᠴᠢᠨ ᠮᠢᠨᠦ᠋ᠲ ᠤᠨ ᠠᠶᠦᠯᠭᠦᠢ ᠶᠢᠨ ᠰᠠᠨᠠᠭᠤᠯᠤᠮᠵᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠤᠰᠤᠨ ᠤ ᠠᠳᠡᠯ ᠠᠴᠠ ᠰᠡᠷᠭᠡᠶᠢᠯᠡᠬᠦ ᠰᠠᠨᠠᠭᠤᠯᠤᠮᠵᠢ᠂ ︽ᠵᠢᠷᠭᠤᠭᠠᠨ ᠡᠰᠡ ᠬᠢᠬᠦ︾ ᠪᠠ ︽ᠳᠦᠷᠪᠡᠨ ᠪᠠᠲᠤ ᠴᠡᠭᠡᠵᠢᠯᠡᠬᠦ︾᠂ ᠤᠰᠤᠨ ᠤ ᠠᠳᠡᠯ ᠠᠴᠠ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠮᠡᠳᠡᠯᠭᠡ ᠪᠠᠷ ᠭᠤᠣᠯᠳᠠᠯᠭ᠎ᠠ ᠪᠣᠯᠭᠠᠨ᠂  ᠮᠡᠳᠡᠯᠭᠡ ᠪᠣᠯᠪᠠᠰᠤᠷᠠᠭᠤᠯᠤᠯ᠂ ᠭᠦᠨᠵᠡᠭᠡᠶᠢᠷᠡᠨ ᠦᠢᠯᠡᠳᠦᠯᠭᠡᠵᠢᠭᠦᠯᠬᠦ ᠵᠡᠷᠭᠡ ᠠᠷᠭ᠎ᠠ ᠪᠠᠷᠢᠯ ᠢᠶᠠᠷ ᠤᠰᠤᠨ ᠳᠤ ᠠᠳᠡᠬᠦ ᠥᠶᠡᠰ ᠤᠨ ᠠᠶᠦᠯᠭᠦᠢ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠰᠤᠷᠤᠭᠴᠢᠳ ᠤᠨ ᠠᠶᠦᠯᠭᠦᠢ ᠶᠢᠨ ᠤᠬᠠᠮᠰᠠᠷ᠂ ᠠᠶᠤᠯ ᠠᠴᠠ ᠵᠠᠶᠢᠯᠠᠬᠤ ᠤᠬᠠᠮᠰᠠᠷ ᠪᠠ ᠦᠪᠡᠷ ᠢ ᠪᠠᠨ ᠠᠪᠤᠷᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠤᠳᠤᠬᠠᠨ ᠪᠣᠯᠲᠠᠯ᠎ᠠ ᠡᠯ᠎ᠡ ᠰᠤᠷᠭᠠᠭᠤᠯᠢ ︵ᠴᠡᠴᠡᠷᠯᠢᠭ︶  ᠶᠢ ᠵᠣᠬᠢᠶᠠᠨ ᠪᠠᠶᠢᠭᠤᠯᠵᠤ᠂ 500  ᠭᠠᠷᠤᠢ ᠤᠳᠠᠭᠠᠨ ᠤ ᠤᠰᠤᠨ ᠳᠤ ᠠᠳᠡᠬᠦ ᠠᠴᠠ ᠰᠡᠷᠭᠡᠶᠢᠯᠡᠬᠦ ᠭᠤᠣᠯ ᠰᠡᠳᠦᠪᠲᠦ ᠠᠩᠭᠢ ᠶᠢᠨ ᠬᠤᠷᠠᠯ ᠬᠢᠯᠭᠡᠵᠦ᠂  7  ᠲᠥᠮᠡ ᠢᠯᠡᠭᠦᠦ ᠰᠤᠷᠤᠭᠴᠢᠳ ᠢ ᠤᠰᠤᠨ ᠳᠤ ᠠᠳᠡᠬᠦ ᠠᠴᠠ ᠰᠡᠷᠭᠡᠶᠢᠯᠡᠬᠦ ᠪᠠᠲᠤᠯᠠᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠭᠤᠯᠵᠤ᠂  ᠡᠯ᠎ᠡ ᠰᠤᠷᠭᠠᠭᠤᠯᠢ ᠴᠡᠴᠡᠷᠯᠢᠭ ᠪᠠᠭᠰᠢ ᠰᠤᠷᠤᠭᠴᠢᠳ ᠢ ᠵᠤᠬᠢᠶᠠᠨ ᠪᠠᠶᠢᠭᠤᠯᠵᠤ  300  ᠭᠠᠷᠤᠢ ᠤᠳᠠᠭᠠᠨ ᠤ ᠤᠰᠤᠨ ᠳᠤ ᠠᠳᠡᠬᠦ ᠠᠴᠠ ᠰᠡᠷᠭᠡᠶᠢᠯᠡᠵᠦ ᠰᠡᠷᠡᠮᠵᠢᠯᠡᠭᠦᠯᠬᠦ ᠫᠢᠯᠢᠮ ᠦᠵᠡᠭᠦᠯᠪᠡ᠃        ᠬᠤᠶᠠᠷ᠂ ᠵᠤᠨ ᠤ ᠠᠮᠠᠷᠠᠯᠲᠠ ᠳᠤ ᠡᠯ᠎ᠡ ᠰᠤᠷᠭᠠᠭᠤᠯᠢ ᠴᠡᠴᠡᠷᠯᠢᠭ ᠸᠢᠴᠠᠲ ᠤᠨ ᠤᠯᠠᠨ ᠨᠡᠶᠢᠲᠡ ᠶᠢᠨ ᠲᠠᠪᠴᠠᠩ᠂  ᠭᠡᠷ ᠤᠨ ᠠᠬᠠᠮᠠᠳ ᠤᠨ ᠬᠤᠷᠠᠯ᠂ ᠸᠢᠴᠠᠲ ᠤᠨ ᠪᠦᠯᠬᠦᠮ᠂  ᠤᠲᠠᠰᠤ ᠠᠪᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠰᠤᠨ ᠳᠤ ᠠᠳᠡᠬᠦ ᠠᠴᠠ ᠰᠡᠷᠭᠡᠶᠢᠯᠡᠬᠦ ᠬᠡᠦᠬᠡᠳ ᠤᠨ ᠳᠠᠭᠤᠤ᠂ ᠤᠩᠰᠢᠭᠤ ᠵᠡᠷᠭᠡ ᠣᠯᠠᠨ ᠲᠥᠷᠦᠯ ᠤᠨ ᠠᠷᠭ᠎ᠠ ᠪᠠᠷᠢᠯ ᠢᠶᠠᠷ ᠴᠠᠭ ᠲᠤᠬᠠᠢ ᠳᠤ ᠨᠢ ᠭᠡᠷ ᠤᠨ ᠠᠬᠠᠮᠠᠳ ᠲᠤ ᠤᠰᠤᠨ ᠳᠤ ᠠᠳᠡᠬᠦ ᠠᠴᠠ ᠰᠡᠷᠭᠡᠶᠢᠯᠡᠬᠦ ᠠᠶᠦᠯᠭᠦᠢ ᠶᠢᠨ ᠶᠡᠷᠦ ᠶᠢᠨ ᠮᠡᠳᠡᠯᠭᠡ ᠰᠠᠨᠠᠭᠤᠯᠤᠮᠵᠢ ᠦᠭᠴᠦ᠂ ᠭᠡᠷ ᠤᠨ ᠠᠬᠠᠮᠠᠳ ᠢ ᠵᠢᠯᠤᠭᠤᠳᠤᠨ ᠬᠢᠴᠢᠶᠡᠯ ᠤᠨ ᠭᠠᠳᠠᠭᠤᠷ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠦᠯᠵᠦ᠂  ᠤᠳᠤᠬᠠᠨ ᠪᠣᠯᠲᠠᠯ᠎ᠠ ᠡᠯ᠎ᠡ ᠰᠤᠷᠭᠠᠭᠤᠯᠢ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ  100  ᠭᠠᠷᠤᠢ ᠤᠳᠠᠭ᠎ᠠ ᠤᠰᠤᠨ ᠳᠤ ᠠᠳᠡᠬᠦ ᠠᠴᠠ ᠰᠡᠷᠭᠡᠶᠢᠯᠡᠬᠦ ᠰᠠᠨᠠᠭᠤᠯᠤᠮᠵᠢ ᠨᠡᠶᠢᠲᠡᠯᠡᠵᠦ᠂  ᠬᠤᠶᠠᠷ ᠤᠳᠠᠭ᠎ᠠ ᠭᠡᠷ ᠤᠨ ᠠᠬᠠᠮᠠᠳ ᠤᠨ ᠸᠢᠴᠠᠲ ᠤᠨ ᠪᠦᠯᠬᠦᠮ ᠳᠤ ᠣᠰᠣᠨ ᠳᠤ ᠠᠳᠡᠬᠦ ᠠᠴᠠ ᠤᠷᠢᠳᠴᠢᠯᠠᠨ ᠰᠡᠷᠭᠡᠶᠢᠯᠡᠬᠦ ᠰᠠᠨᠠᠭᠤᠯᠤᠮᠵᠢ ᠨᠡᠶᠢᠲᠡᠯᠡᠵᠦ᠂ 1870 ᠭᠠᠷᠤᠢ ᠭᠡᠷ ᠤᠨ ᠠᠬᠠᠮᠠᠳ ᠤᠨ ᠸᠢᠴᠠᠲ ᠤᠨ ᠪᠦᠯᠬᠦᠮ ᠢ ᠪᠦᠷᠬᠦᠵᠦ᠂  ᠤᠰᠤᠨ ᠳᠤ ᠠᠳᠡᠬᠦ ᠶᠢ ᠤᠷᠢᠳᠴᠢᠯᠠᠨ ᠰᠡᠷᠭᠡᠶᠢᠯᠡᠬᠦ ᠰᠠᠨᠠᠭᠤᠯᠤᠮᠵᠢ ᠵᠢᠴᠢ ᠭᠡᠷ ᠤᠨ ᠠᠬᠠᠮᠠᠳ ᠲᠤ ᠢᠯᠡᠭᠡᠬᠦ  ᠵᠠᠬᠢᠳᠠᠯ 7  ᠲᠥᠮᠡ ᠭᠠᠷᠤᠢ ᠬᠤᠪᠢ ᠲᠠᠷᠬᠠᠭᠠᠵᠠᠢ᠃
 
ᠢᠷᠡᠯᠲᠡ᠄ ᠬᠤᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号