| | | | | | | | | | | ᠬᠤᠩᠱᠠᠨ ᠲᠣᠭᠤᠷᠢᠭ ᠭᠡᠷ ᠬᠦᠷᠢᠶᠡᠯᠡᠩ ᠤᠨ ᠠᠵᠤ ᠠᠬᠤᠢ ᠶᠢ ᠬᠦᠭᠵᠢᠭᠦᠯᠬᠦ ᠪᠠ ᠬᠦᠳᠡᠭᠡ ᠲᠤᠰᠬᠤᠨ ᠢ | ᠬᠦᠴᠦᠷᠬᠡᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ᠂ ︽ᠭᠡᠷ ᠬᠦᠷᠢᠶᠡᠯᠡᠩ ᠤᠨ ᠠᠵᠤ ᠠᠬᠤᠢ + ᠠᠵᠤ | ᠦᠢᠯᠡᠰ ᠤᠨ ᠬᠦᠭᠵᠢᠭᠦᠯᠦᠯᠲᠡ︾ ᠶᠢᠨ ᠰᠢᠨ᠎ᠡ ᠬᠡᠯᠪᠡᠷᠢ ᠶᠢ ᠴᠤᠭᠴᠠᠯᠠᠵᠤ᠂ ᠣᠯᠠᠨ ᠲᠥᠮᠡᠨ ᠤ ᠭᠡᠷ ᠬᠦᠷᠢᠶ᠎ᠡ | ᠤᠶᠢᠷ᠎ᠠ ᠲᠤᠭᠤᠷᠢᠨ ᠤ ᠪᠠᠨ ᠬᠤᠭᠤᠰᠤᠨ ᠭᠠᠵᠠᠷ ᠢ ᠰᠢᠨᠵᠢᠯᠡᠬᠦ ᠤᠬᠠᠭᠠᠨᠴᠢ ᠪᠠᠷ ᠲᠥᠯᠦᠪᠵᠢᠭᠦᠯᠦᠨ᠂ ᠥᠯᠡᠭᠦᠴᠡ | ᠡᠬᠢ ᠪᠠᠶᠠᠯᠢᠭ ᠢ ᠭᠦᠢᠴᠡᠳ ᠠᠰᠢᠭᠯᠠᠵᠤ᠂ ᠤᠨᠴᠠᠯᠢᠭᠲᠤ ᠭᠡᠷ ᠬᠦᠷᠢᠶᠡᠯᠡᠩ ᠤᠨ ᠠᠵᠤ ᠠᠬᠤᠢ ᠶᠢ ᠢᠳᠡᠪᠬᠢᠲᠡᠢ | ᠬᠦᠭᠵᠢᠭᠦᠯᠵᠦ᠂ ︽ᠪᠠᠭ᠎ᠠ ᠭᠡᠷ ᠬᠦᠷᠢᠶᠡᠯᠡᠩ︾ ᠢ ︽ᠣᠷᠣᠯᠭ᠎ᠠ ᠨᠡᠮᠡᠭᠳᠡᠭᠦᠯᠬᠦ ᠬᠦᠷᠢᠶᠡᠯᠡᠩ︾ ᠪᠣᠯᠭᠠᠨ | ᠴᠣᠭᠴᠠᠯᠠᠵᠤ᠂ ︽ᠥᠯᠡᠭᠦᠴᠡ ᠬᠤᠭᠤᠰᠣᠨ ᠭᠠᠵᠠᠷ︾ ᠢ ︽ᠣᠷᠣᠯᠭ᠎ᠠ ᠨᠡᠮᠡᠭᠳᠡᠭᠦᠯᠬᠦ ᠰᠠᠶᠢᠨ ᠲᠠᠷᠢᠶ᠎ᠠ︾ | ᠪᠣᠯᠭᠠᠵᠤ᠂ ︽ᠭᠡᠷ ᠬᠦᠷᠢᠶᠡᠯᠡᠩ ᠢᠶᠠᠨ ᠨᠤᠭᠤᠭᠠᠷᠠᠭᠤᠯᠵᠤ᠂ ᠲᠤᠰᠬᠤᠨ ᠢᠶᠠᠨ ᠭᠤᠸᠠᠵᠢᠭᠤᠯᠵᠤ᠂ ᠡᠬᠢ | ᠪᠠᠶᠠᠯᠢᠭ ᠢᠶᠠᠨ ᠠᠮᠢᠵᠢᠭᠤᠯᠤᠨ᠂ ᠣᠷᠣᠯᠭ᠎ᠠ ᠪᠠᠨ ᠨᠡᠮᠡᠭᠳᠡᠭᠦᠯᠵᠦ᠂ ᠠᠮᠢᠳᠤᠷᠠᠯ ᠢᠶᠠᠨ ᠳᠡᠭᠵᠢᠷᠡᠭᠦᠯᠦᠭᠰᠡᠨ︾ ᠭᠡᠷ | ᠬᠦᠷᠢᠶᠡᠯᠡᠩ ᠤᠨ ᠠᠵᠤ ᠠᠬᠤᠢ ᠶᠢᠨ ᠬᠦᠭᠵᠢᠭᠦᠯᠦᠯᠲᠡ ᠶᠢᠨ ᠰᠢᠨ᠎ᠡ ᠳᠦᠷᠢ ᠪᠠᠶᠢᠳᠠᠯ ᠢ ᠵᠢᠷᠤᠭᠯᠠᠪᠠ᠃ ᠶᠠᠳᠠᠭᠤ | ᠬᠦᠴᠢᠷᠲᠡᠢ ᠡᠷᠦᠬᠡ᠂ ᠡᠩ ᠤᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠂ ᠣᠯᠠᠨ ᠲᠥᠮᠡᠨ ᠤ ᠭᠡᠷ | ᠬᠦᠷᠢᠶᠡᠯᠡᠩ ᠤᠨ ᠠᠵᠤ ᠠᠬᠤᠢ ᠳᠤ ᠣᠷᠣᠯᠴᠠᠬᠤ ᠤᠷᠮ᠎ᠠ ᠢᠳᠡᠪᠬᠢᠵᠢᠯ ᠢ ᠳᠠᠶᠢᠴᠢᠯᠠᠵᠤ᠂ ᠭᠡᠷ ᠬᠦᠷᠢᠶᠡᠯᠡᠩ ᠤᠨ | ᠠᠵᠤ ᠠᠬᠤᠢ ᠶᠢᠨ ᠬᠡᠯᠪᠡᠷᠢ ᠶᠢ ᠲᠥᠭᠡᠮᠡᠯᠵᠢᠭᠦᠯᠬᠦ ᠶᠢᠨ ᠲᠥᠯᠦᠭᠡ᠂ ᠳ᠋ᠦᠩ ᠨᠠᠨ ᠶᠢᠩᠽᠢ ᠲᠤᠰᠬᠤᠨ ᠪᠠ ᠰᠠᠨ | ᠳ᠋ᠤᠤ ᠵᠢᠩᠽᠢ ᠲᠤᠰᠬᠤᠨ ᠤ ᠪᠤᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠭᠡᠷ ᠬᠦᠷᠢᠶᠡᠯᠡᠩ ᠤᠨ ᠠᠵᠤ | ᠠᠬᠤᠢ ᠶᠢ ᠲᠥᠭᠡᠮᠡᠯᠵᠢᠭᠦᠯᠬᠦ ᠠᠵᠢᠯᠯᠠᠭᠠᠨ ᠢ ᠢᠳᠡᠪᠬᠢᠲᠡᠢ ᠥᠷᠨᠢᠭᠦᠯᠪᠡ᠃ | | | ᠨᠢᠭᠡ᠂ ᠪᠤᠳᠠᠲᠠᠢ ᠠᠵᠢᠯ ᠤᠨ ᠲᠥᠰᠦᠯ ᠲᠤᠭᠲᠠᠭᠠᠪᠠ᠃ ︽2024 ᠤᠨ ᠤ ᠭᠡᠷ ᠬᠦᠷᠢᠶᠡᠯᠡᠩ ᠤᠨ | ᠠᠵᠣ ᠠᠬᠤᠢ ᠶᠢᠨ ᠵᠢᠱᠢᠶ᠎ᠡ ᠦᠵᠡᠭᠦᠯᠬᠦ ᠲᠤᠰᠬᠤᠨ ᠤ ᠭᠡᠷ ᠤᠨ ᠲᠡᠵᠢᠭᠡᠪᠦᠷᠢ ᠶᠢᠨ ᠨᠦᠬᠦᠪᠦᠷᠢ ᠶᠢᠨ ᠲᠦᠷᠦᠯ | ᠵᠦᠢᠯ ᠤᠨ ᠲᠥᠰᠦᠯ︾ ᠢ ᠲᠤᠭᠲᠠᠭᠠᠵᠤ᠂ ᠲᠣᠭᠤᠷᠢᠭ ᠤᠨ ᠲᠤᠰ ᠱᠠᠲᠤᠨ ᠤ ᠵᠣᠯᠭᠠᠯᠴᠠᠭᠤᠯᠬᠤ ᠪᠡᠯᠡ ᠮᠦᠩᠭᠦ ᠶᠢ | ᠬᠡᠷᠡᠭᠯᠡᠬᠦ ᠪᠠᠷ ᠲᠥᠯᠦᠪᠯᠡᠨ᠂ 50 ᠲᠥᠮᠡᠨ ᠲᠦᠭᠦᠷᠢᠭ ᠪᠡᠯᠡ ᠣᠷᠣᠭᠤᠯᠵᠤ᠂ ᠤᠷᠢᠳᠠᠪᠡᠷ ᠪᠦᠲᠦᠭᠡᠨ | ᠪᠠᠶᠢᠭᠤᠯᠵᠤ ᠳᠠᠷᠠᠭ᠎ᠠ ᠨᠢ ᠨᠦᠬᠦᠪᠦᠷᠢᠯᠡᠬᠦ ᠬᠡᠯᠪᠡᠷᠢ ᠶᠢ ᠠᠰᠢᠭᠯᠠᠨ᠂ ᠬᠤᠶᠠᠷ ᠲᠤᠰᠬᠤᠨ ᠤ ᠭᠡᠷ ᠬᠦᠷᠢᠶᠡᠯᠡᠩ ᠤᠨ | ᠭᠡᠷ ᠤᠨ ᠲᠡᠵᠢᠭᠡᠪᠦᠷᠢ ᠶᠢ ᠲᠡᠵᠢᠭᠡᠨ ᠦᠷᠡᠵᠢᠭᠦᠯᠬᠦ ᠡᠷᠦᠬᠡ ᠳᠤ ᠨᠦᠬᠦᠪᠦᠷᠢ ᠣᠯᠭᠤᠬᠤ᠂ ᠲᠠᠷᠢᠶᠠᠴᠢᠨ ᠡᠷᠦᠬᠡ ᠶᠢᠨ | ᠠᠵᠤ ᠠᠬᠤᠢ ᠶᠢᠨ ᠳᠠᠷᠤᠭᠠᠰᠤ ᠶᠢ ᠬᠦᠩᠭᠡᠯᠡᠵᠦ᠂ ᠲᠣᠭᠤᠷᠢᠭ ᠤᠨ ᠲᠠᠷᠢᠶᠠᠯᠠᠩ ᠤᠰᠤᠨ ᠠᠰᠢᠭᠯᠠᠯᠲᠠ ᠶᠢᠨ | ᠲᠣᠪᠴᠢᠶ᠎ᠠ ᠮᠡᠷᠭᠡᠵᠢᠯ ᠤᠨ ᠵᠢᠯᠤᠭᠤᠳᠤᠯᠭ᠎ᠠ ᠬᠠᠩᠭᠠᠵᠤ᠂ ᠲᠠᠷᠢᠶᠠᠴᠢᠨ ᠡᠷᠦᠬᠡ ᠶᠢᠨ ᠠᠵᠤ ᠦᠢᠯᠡᠰ ᠤᠨ ᠡᠷᠡᠭᠦᠯ | ᠬᠦᠭᠵᠢᠯᠲᠡ ᠶᠢ ᠪᠠᠲᠤᠯᠠᠪᠠ᠃ | | | ᠬᠤᠶᠠᠷ᠂ ᠭᠡᠷ ᠬᠦᠷᠢᠶᠡᠯᠡᠩ ᠤᠨ ᠭᠠᠷ ᠦᠢᠯᠡᠳᠬᠡᠯ ᠤᠨ ᠦᠢᠯᠡᠰ ᠢ ᠲᠥᠭᠡᠮᠡᠯᠵᠢᠭᠦᠯᠪᠡ᠃ ᠬᠤᠩ | ᠮᠢᠶᠤᠤᠽᠢ ᠪᠠᠯᠭᠠᠰᠤᠨ ᠤ ᠬᠦᠳᠡᠭᠡ ᠲᠤᠰᠬᠤᠨ ᠤ ᠠᠵᠢᠯ ᠣᠯᠤᠭ᠎ᠠ ᠦᠭᠡᠢ ᠡᠮᠡᠭᠲᠡᠶᠢᠴᠦᠳ ᠤᠨ ᠬᠢᠳᠡᠯ ᠲᠠᠢ ᠪᠣᠯᠵᠤ | ᠣᠷᠣᠯᠭ᠎ᠠ ᠪᠠᠨ ᠨᠡᠮᠡᠭᠳᠡᠭᠦᠯᠬᠦ ᠬᠦᠰᠡᠯ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠭᠡᠷ ᠬᠦᠷᠢᠶᠡᠯᠡᠩ ᠤᠨ ᠭᠠᠷ | ᠦᠢᠯᠡᠳᠬᠡᠯ ᠤᠨ ᠦᠢᠯᠡᠰ ᠤᠨ ᠬᠡᠯᠪᠡᠷᠢ ᠶᠢ ᠲᠦᠭᠡᠮᠡᠯᠵᠢᠭᠦᠯᠦᠨ᠂ ᠵᠣᠯᠭᠠᠯᠴᠠᠭᠤᠯᠬᠤ ᠪᠡᠯᠡ ᠮᠦᠩᠭᠦ 6.5 ᠲᠥᠮᠡᠨ | ᠲᠥᠭᠦᠷᠢᠭ ᠣᠷᠣᠭᠤᠯᠬᠤ ᠪᠠᠷ ᠲᠥᠯᠦᠪᠯᠡᠵᠦ᠂ ᠭᠡᠷ ᠬᠦᠷᠢᠶᠡᠯᠡᠩ ᠤᠨ ᠬᠠᠮ ᠲᠥᠷᠦᠯ ᠵᠦᠢᠯ ᠢ ᠬᠦᠭᠵᠢᠭᠦᠯᠬᠦ ᠶᠢ | ᠳᠡᠮᠵᠢᠬᠦ ᠳᠤ ᠠᠰᠢᠭᠯᠠᠨ᠂ ᠤᠷᠢᠳᠠᠪᠡᠷ ᠪᠥᠲᠦᠭᠡᠨ ᠪᠠᠶᠢᠭᠤᠯᠵᠤ ᠳᠠᠷᠠᠭ᠎ᠠ ᠨᠢ ᠨᠦᠬᠦᠪᠦᠷᠢ ᠣᠯᠭᠤᠬᠤ ᠬᠡᠯᠪᠡᠷᠢ ᠶᠢ | ᠠᠰᠢᠭᠯᠠᠵᠤ᠂ ᠦᠢᠯᠡᠳᠦᠭᠰᠡᠨ ᠲᠤᠭ᠎ᠠ ᠬᠡᠮᠵᠢᠶ᠎ᠡ᠂ ᠴᠢᠨᠠᠷ ᠴᠢᠨᠰᠠᠭ᠎ᠠ ᠶᠢᠨ ᠪᠠᠶᠢᠳᠠᠯ ᠵᠡᠷᠭᠡ ᠶᠢ ᠦᠨᠳᠦᠰᠦᠯᠡᠨ | ᠨᠦᠬᠦᠪᠦᠷᠢ ᠣᠯᠭᠤᠵᠤ᠂ ᠪᠠᠶᠠᠵᠢᠬᠤ ᠣᠷᠮ᠎ᠠ ᠵᠣᠷᠢᠭ ᠢ ᠭᠦᠢᠴᠡᠳ ᠬᠥᠭᠵᠢᠭᠡᠵᠦ᠂ ᠡᠮᠡᠭᠲᠡᠶᠢᠴᠦᠳ ᠤᠨ | ᠨᠢᠭᠤᠭᠳᠠᠮᠠᠯ ᠴᠢᠳᠠᠪᠬᠢ ᠶᠢ ᠭᠦᠢᠴᠡᠳ ᠠᠭᠤᠳᠠᠯᠬᠤ ᠶᠢᠨ ᠬᠠᠮᠲᠤ ᠴᠢᠳᠠᠪᠤᠷᠢ ᠶᠢ ᠳᠡᠭᠡᠭᠰᠢᠯᠡᠭᠦᠯᠵᠦ᠂ | ᠡᠮᠡᠭᠲᠡᠶᠢᠴᠦᠳ ᠤᠨ ᠦᠢᠯᠡᠰ ᠪᠤᠰᠬᠠᠬᠤ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠶᠢ ᠠᠬᠢᠭᠤᠯᠪᠠ᠃ | | | ᠭᠤᠷᠪᠠ᠂ ᠬᠢᠨᠠᠨ ᠪᠠᠶᠢᠴᠠᠭᠠᠬᠤ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠭᠠᠷ | ᠦᠢᠯᠡᠳᠬᠡᠯ ᠤᠨ ᠦᠢᠯᠡᠰ ᠢ ᠬᠦᠭᠵᠢᠭᠦᠯᠬᠦ ᠶᠢ ᠠᠬᠢᠭᠤᠯᠪᠠ᠃ ᠶᠠᠳᠠᠭᠤ ᠠᠴᠠ ᠠᠩᠭᠢᠵᠢᠷᠠᠭᠰᠠᠨ ᠬᠦᠮᠦᠨ ᠠᠮᠠ ᠵᠢᠴᠢ | ᠬᠢᠨᠠᠨ ᠪᠠᠶᠢᠴᠠᠭᠠᠬᠤ ᠡᠲᠡᠭᠡᠳ ᠳᠦᠭᠦᠮ ᠲᠦᠬᠦᠷ ᠠᠰᠢᠭ ᠬᠦᠷᠲᠡᠬᠦ ᠨᠢ ᠬᠤᠷᠳᠤᠨ ᠣᠷᠣᠯᠭ᠎ᠠ ᠨᠡᠮᠡᠭᠳᠡᠭᠦᠯᠬᠦ ᠭᠠᠷ | ᠦᠢᠯᠡᠳᠬᠡᠯ ᠤᠨ ᠦᠢᠯᠡᠰ ᠢ ᠡᠵᠡᠨ ᠮᠡᠳᠡᠨ ᠬᠦᠭᠵᠢᠭᠦᠯᠬᠦ ᠶᠢ ᠠᠬᠢᠭᠤᠯᠪᠠ᠃ ︽ᠬᠤᠩᠱᠠᠨ ᠲᠣᠭᠤᠷᠢᠭ 2024 | ᠣᠨ ᠤ ᠠᠵᠤ ᠦᠢᠯᠡᠰ ᠤᠨ ︿ᠵᠢᠷᠭᠤᠭᠠᠨ ᠪᠠᠭ᠎ᠠ﹀ ᠭᠡᠷ ᠬᠦᠷᠢᠶᠡᠯᠡᠩ ᠤᠨ ᠠᠵᠤ ᠠᠬᠤᠢ ᠶᠢ ᠳᠡᠳᠬᠦᠬᠦ ᠶᠢ | ᠬᠡᠷᠡᠭᠵᠢᠭᠦᠯᠬᠦ ᠲᠥᠰᠦᠯ︾ ᠢ ᠲᠠᠷᠬᠠᠭᠠᠵᠤ᠂ ᠪᠠᠭ᠎ᠠ ᠬᠡᠮᠵᠢᠶᠡᠨ ᠤ ᠲᠠᠷᠢᠵᠤ ᠤᠷᠭᠤᠭᠤᠯᠬᠤ᠂ ᠪᠠᠭ᠎ᠠ ᠬᠡᠮᠵᠢᠶᠡᠨ ᠤ | ᠲᠡᠵᠢᠭᠡᠨ ᠦᠷᠡᠵᠢᠭᠦᠯᠬᠦ᠂ ᠭᠠᠷ ᠦᠢᠯᠡᠳᠬᠡᠯ ᠤᠨ ᠦᠢᠯᠡᠰ᠂ ᠬᠤᠷᠰᠢᠶ᠎ᠠ ᠬᠤᠳᠠᠯᠳᠤᠭ᠎ᠠ᠂ ᠪᠠᠭ᠎ᠠ ᠬᠡᠮᠵᠢᠶᠡᠨ ᠤ | ᠡᠯᠧᠺᠲᠷᠤᠨ ᠬᠤᠳᠠᠯᠳᠤᠭ᠎ᠠ᠂ ᠪᠠᠭ᠎ᠠ ᠦᠢᠯᠡᠳᠬᠡᠯ ᠤᠨ ᠭᠠᠵᠠᠷ ᠢ ᠬᠠᠨᠳᠤᠯᠭ᠎ᠠ ᠲᠠᠢ ᠬᠦᠭᠵᠢᠭᠦᠯᠬᠦ ᠶᠢᠨ ᠬᠠᠮᠲᠤ | ᠵᠣᠬᠢᠬᠤ ᠬᠡᠮᠵᠢᠶᠡᠨ ᠤ ᠠᠵᠤ ᠠᠬᠤᠢ ᠶᠢᠨ ᠥᠷ᠎ᠡ ᠠᠰᠢᠭ ᠣᠯᠤᠭᠰᠠᠨ ᠶᠠᠳᠠᠭᠤ ᠬᠦᠴᠢᠷᠲᠡᠢ ᠡᠷᠦᠬᠡ ᠵᠢᠴᠢ ᠬᠢᠨᠠᠨ | ᠪᠠᠶᠢᠴᠠᠭᠠᠬᠤ ᠡᠷᠦᠬᠡ ᠳᠤ ᠬᠠᠮᠤᠭ ᠶᠡᠭᠡ ᠳᠤ ᠪᠠᠨ 1000 ᠲᠦᠭᠦᠷᠢᠭ ᠤᠨ ᠨᠢᠭᠡ ᠤᠳᠠᠭᠠᠨ ᠤ ᠴᠢᠨᠠᠷᠲᠠᠢ | ᠨᠦᠬᠦᠪᠦᠷᠢ ᠣᠯᠭᠤᠪᠠ᠃ | | | ᠳᠠᠷᠠᠭ᠎ᠠ ᠠᠯᠬᠤᠮ ᠳᠤ ᠬᠤᠶᠠᠷ ᠲᠤᠰᠬᠤᠨ ᠤ ᠭᠡᠷ ᠬᠦᠷᠢᠶᠡᠯᠡᠩ ᠤᠨ ᠠᠵᠤ ᠠᠬᠤᠢ ᠶᠢᠨ ᠬᠦᠭᠵᠢᠯᠲᠡ ᠶᠢᠨ | ᠪᠠᠶᠢᠳᠠᠯ ᠢ ᠦᠨᠳᠦᠰᠦᠯᠡᠨ᠂ ᠲᠤᠷᠰᠢᠯᠭ᠎ᠠ ᠪᠠᠨ ᠰᠤᠯᠢᠯᠴᠠᠨ ᠲᠦᠭᠡᠮᠡᠯᠵᠢᠭᠦᠯᠵᠦ᠂ ᠬᠦᠳᠡᠭᠡ ᠲᠤᠰᠬᠤᠨ ᠤ ︽ | ᠭᠤᠷᠪᠠ ᠶᠢ ᠬᠤᠪᠢᠷᠠᠭᠤᠯᠬᠤ︾ ᠦᠭᠡᠷᠡᠴᠢᠯᠡᠯᠲᠡ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ | ᠬᠦᠭᠵᠢᠭᠦᠯᠦᠨ ᠪᠤᠵᠠᠭᠠᠶᠢᠷᠠᠭᠤᠯᠬᠤ ᠵᠡᠷᠭᠡ ᠠᠷᠭ᠎ᠠ ᠬᠡᠮᠵᠢᠶ᠎ᠡ ᠲᠠᠢ ᠤᠷᠭᠠᠨᠢᠭ ᠢᠶᠠᠷ ᠤᠶᠠᠯᠳᠤᠭᠤᠯᠵᠤ᠂ ᠲᠠᠷᠢᠶᠠᠴᠢᠨ | ᠡᠷᠦᠬᠡ ᠶᠢᠨ ᠲᠤᠬᠠᠢ ᠶᠢᠨ ᠭᠠᠵᠠᠷ ᠲᠤ ᠪᠠᠨ ᠲᠤᠬᠢᠷᠠᠭᠤᠯᠤᠨ᠂ ᠭᠡᠷ ᠬᠦᠷᠢᠶᠡᠯᠡᠩ ᠢᠶᠠᠨ ᠵᠦᠢ ᠵᠣᠬᠢᠰᠲᠠᠢ | ᠲᠥᠯᠦᠪᠵᠢᠭᠦᠯᠬᠦ ᠶᠢ ᠵᠤᠬᠢᠶᠠᠨ ᠪᠠᠶᠢᠭᠤᠯᠤᠨ ᠵᠢᠯᠤᠭᠤᠳᠴᠤ᠂ ᠭᠡᠷ ᠬᠦᠷᠢᠶᠡᠯᠡᠩ ᠤᠨ ᠡᠬᠢ ᠪᠠᠶᠠᠯᠢᠭ ᠢᠶᠠᠷ ᠠᠵᠤ | ᠠᠬᠤᠢ ᠶᠢᠨ ᠥᠷ᠎ᠡ ᠠᠰᠢᠭ ᠣᠯᠬᠤ ᠪᠠᠷ ᠪᠠᠷᠠᠬᠤ ᠦᠭᠡᠢ ᠪᠠᠰᠠ ᠦᠵᠡᠰᠬᠦᠯᠡᠩᠲᠦ ᠬᠦᠳᠡᠭᠡ ᠲᠤᠰᠬᠤᠨ ᠤ | ᠪᠠᠶᠢᠭᠤᠯᠤᠯᠲᠠ ᠲᠠᠢ ᠠᠭᠤᠰᠤᠯᠴᠠᠭᠤᠯᠵᠤ᠂ ᠰᠢᠨ᠎ᠡ ᠬᠦᠷᠢᠶᠡᠯᠡᠩ᠂ ᠰᠢᠨ᠎ᠡ ᠲᠤᠰᠬᠤᠨ᠂ ᠰᠢᠨ᠎ᠡ ᠳᠦᠷᠰᠦ ᠪᠠᠶᠢᠳᠠᠯ᠂ | ᠰᠢᠨ᠎ᠡ ᠦᠢᠯᠡᠰ ᠨᠢᠭᠡ ᠴᠤᠭᠴᠠᠵᠢᠬᠤ ᠶᠢ ᠠᠬᠢᠭᠤᠯᠤᠨ᠂ ᠠᠵᠤ ᠠᠬᠤᠢ ᠶᠢᠨ ᠥᠷ᠎ᠡ ᠠᠰᠢᠭ᠂ ᠠᠮᠢ ᠠᠬᠤᠢ ᠶᠢᠨ | ᠥᠷ᠎ᠡ ᠠᠰᠢᠭ ᠪᠠ ᠨᠡᠶᠢᠭᠡᠮ ᠤᠨ ᠥᠷ᠎ᠡ ᠠᠰᠢᠭ ᠤᠨ ᠳᠡᠭᠡᠳᠦ ᠬᠡᠮᠵᠢᠶᠡᠨ ᠤ ᠨᠢᠭᠡᠲᠦᠯ ᠢ ᠪᠡᠶᠡᠯᠡᠭᠦᠯᠪᠡ᠃ | | | | | | | | | | | | | | | | | | | | | | ᠁ |