| | | | | | | | | | | | | | ᠬᠤᠩᠱᠠᠨ ᠲᠣᠭᠤᠷᠢᠭ ᠤᠨ ᠡᠯ᠎ᠡ ᠰᠤᠷᠭᠠᠭᠤᠯᠢ ᠶᠢᠨ ᠠᠩᠭᠢ ᠬᠤᠪᠢᠶᠠᠷᠢᠯᠠᠯᠲᠠ ︽ᠬᠤᠩᠱᠠᠨ | ᠲᠣᠭᠤᠷᠢᠭ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ 2024 ᠤᠨ ᠤ ᠨᠠᠮᠤᠷ ᠤᠨ | ᠬᠤᠭᠤᠴᠠᠭᠠᠨ ᠤ ᠰᠤᠷᠤᠭᠴᠢ ᠡᠯᠰᠡᠬᠦ ᠲᠥᠰᠦᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠯᠪᠠᠨ | ᠭᠡᠷᠡᠴᠢᠯᠡᠭᠡ ᠶᠢᠨ ᠭᠠᠵᠠᠷ ᠤᠨ ᠠᠯᠪᠠᠨ ᠭᠡᠷᠡᠴᠢᠯᠡᠭᠴᠢ ᠪᠠ ᠨᠡᠶᠢᠭᠡᠮ ᠲᠣᠭᠤᠷᠢᠭ ᠤᠨ ᠲᠥᠯᠦᠭᠡᠯᠡᠭᠴᠢ ᠶᠢ ᠤᠷᠢᠳᠴᠢᠯᠠᠨ | ᠣᠷᠢᠵᠤ᠂ ᠲᠤᠬᠠᠢ ᠶᠢᠨ ᠲᠠᠯᠠᠪᠠᠢ ᠳᠤ ᠭᠡᠷ ᠤᠨ ᠠᠬᠠᠮᠠᠳ ᠤᠨ ᠲᠥᠯᠦᠭᠡᠯᠡᠭᠴᠢ ᠶᠢ ᠰᠣᠩᠭᠤᠨ᠂ ᠬᠢᠨᠠᠯᠲᠠ | ᠲᠠᠯᠪᠢᠬᠤ ᠪᠠᠭ᠎ᠠ ᠳᠣᠭᠤᠶᠢᠯᠠᠩ ᠢ ᠵᠤᠬᠢᠶᠠᠨ ᠪᠠᠶᠢᠭᠤᠯᠵᠤ᠂ ᠰᠤᠷᠭᠠᠭᠤᠯᠢ ᠶᠢᠨ ᠠᠩᠭᠢ ᠬᠤᠪᠢᠶᠠᠬᠤ ᠪᠦᠬᠦ | ᠶᠠᠪᠤᠴᠠ ᠳᠤ ᠬᠢᠨᠠᠯᠲᠠ ᠲᠠᠯᠪᠢᠪᠠ᠃ ᠠᠩᠭᠢ ᠬᠤᠪᠢᠶᠠᠬᠤ ᠪᠦᠬᠦᠶᠢᠯᠡ ᠠᠯᠬᠤᠮ ᠳᠠᠷᠠᠭ᠎ᠠ ᠨᠢ ᠪᠦᠷ ︽ᠤᠯᠠᠭᠠᠨᠬᠠᠳᠠ | ᠬᠤᠲᠠ ᠶᠢᠨ ᠰᠤᠷᠤᠭᠴᠢ ᠡᠯᠰᠡᠵᠦ ᠨᠡᠷ᠎ᠡ ᠮᠡᠳᠡᠭᠦᠯᠬᠦ ᠬᠠᠮᠢᠶᠠᠷᠤᠯᠲᠠ ᠶᠢᠨ ᠲᠠᠪᠴᠠᠩ︾ ᠳᠤ ᠶᠠᠪᠤᠭᠳᠠᠵᠤ᠂ | ᠺᠤᠮᠫᠢᠦ᠋ᠲ᠋ᠧᠷ ᠢᠶᠠᠷ ᠲᠠᠰᠢᠷᠠᠮ ᠢᠶᠠᠷ ᠬᠤᠪᠢᠶᠠᠷᠢᠯᠠᠵᠤ᠂ ᠰᠤᠷᠤᠭᠴᠢ ᠶᠢᠨ ᠠᠩᠭᠢ ᠬᠤᠪᠢᠶᠠᠷᠢᠯᠠᠭᠰᠠᠨ ᠳ᠋ᠤᠭᠠᠷ ᠢ | PDF ᠬᠡᠯᠪᠡᠷᠢ ᠪᠠᠷ ᠰᠢᠭᠤᠳ ᠳᠠᠷᠤᠮᠠᠯᠯᠠᠨ ᠭᠠᠷᠭᠠᠵᠤ᠂ ᠠᠩᠭᠢ ᠶᠢᠨ ᠡᠷᠬᠢᠯᠡᠭᠴᠢ ᠲᠤᠬᠠᠢ ᠶᠢᠨ ᠲᠠᠯᠠᠪᠠᠢ ᠳᠤ | ᠰᠢᠪᠠᠭ᠎ᠠ ᠰᠤᠭᠤᠯᠵᠤ᠂ ᠭᠠᠷ ᠤᠨ ᠦᠰᠦᠭ ᠵᠢᠷᠤᠪᠠ᠃ ᠡᠨᠡ ᠤᠳᠠᠭᠠᠨ ᠤ ᠠᠩᠭᠢ ᠬᠤᠪᠢᠶᠠᠷᠢᠯᠠᠯᠲᠠ ᠳᠤ ᠶᠠᠮᠠᠷᠴᠤ | ᠭᠤᠤᠯᠴᠢ ᠪᠤᠰᠤ ᠬᠦᠴᠦᠨ ᠵᠦᠢᠯ ᠤᠷᠤᠰᠢᠬᠤ ᠦᠭᠡᠢ ᠪᠠᠶᠢᠵᠤ᠂ ᠲᠤᠬᠠᠢ ᠶᠢᠨ ᠲᠠᠯᠠᠪᠠᠢ ᠶᠢᠨ ᠭᠡᠷ ᠤᠨ ᠠᠬᠠᠮᠠᠳ | ᠪᠠ ᠬᠢᠨᠠᠯᠲᠠ ᠲᠠᠯᠪᠢᠭᠰᠠᠨ ᠲᠥᠯᠦᠭᠡᠯᠡᠭᠴᠢ ᠳᠤ ᠮᠡᠳᠡᠷᠡᠭᠳᠡᠵᠦ᠂ ᠢᠯᠡ ᠲᠤᠳᠤ᠂ ᠡᠷᠬᠡ ᠲᠡᠭᠰᠢ ᠲᠥᠪ ᠭᠤᠣᠯᠴᠢ | ᠪᠠᠶᠢᠵᠤ᠂ ᠨᠠᠷᠠᠯᠠᠭ ᠠᠩᠭᠢ ᠬᠤᠪᠢᠶᠠᠷᠢᠯᠠᠯᠲᠠ ᠶᠢᠨ ᠡᠮᠬᠢ ᠲᠢᠭᠯᠢᠮ ᠢ ᠬᠠᠮᠠᠭᠠᠯᠠᠵᠤ ᠴᠢᠳᠠᠪᠠ᠃ | | | | | 8 ᠰᠠᠷ᠎ᠠ ᠶᠢᠨ 24᠂ 25 ᠤ ᠡᠳᠦᠷ ᠬᠤᠩᠱᠠᠨ ᠲᠣᠭᠤᠷᠢᠭ ᠤᠨ ᠲᠠᠪᠢᠨ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠰᠤᠷᠭᠠᠭᠤᠯᠢ ᠨᠠᠷᠠᠯᠠᠭ ᠠᠩᠭᠢ ᠬᠤᠪᠢᠶᠠᠷᠢᠯᠠᠯᠲᠠ ᠶᠢ ᠪᠦᠬᠦᠨ ᠢ ᠭᠦᠢᠴᠡᠳᠬᠡᠪᠡ᠃ | | | | | | | | | | | | | | | | | | | | | | | ᠁ |