ᠬᠤᠩᠱᠠᠨ ᠲᠣᠭᠤᠷᠢᠭ ᠤᠨ ︽ᠨᠢᠭᠡ ᠥᠷᠲᠡᠭᠡᠴᠢᠯᠡᠭᠰᠡᠨ︾  ᠵᠠᠰᠠᠭ ᠤᠨ ᠶᠠᠪᠤᠳᠠᠯ ᠤᠨ ᠦᠢᠯᠡᠴᠢᠯᠡᠭᠡ ᠠᠵᠤ ᠠᠬᠤᠶᠢᠯᠠᠯ ᠲᠤ ᠴᠠᠭ ᠠᠷᠪᠢᠯᠠᠵᠤ ᠥᠭᠪᠡ
ᠨᠡᠶᠢᠲᠡᠯᠡᠭᠰᠡᠨ ᠴᠠᠭ᠄
2025/1/13
       ᠬᠤᠩᠱᠠᠨ ᠲᠣᠭᠤᠷᠢᠭ ᠳᠡᠭᠡᠷ᠎ᠡ ᠱᠠᠲᠤᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠯᠵᠢᠶ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠪᠠ ᠤᠴᠢᠷ ᠶᠠᠪᠤᠳᠠᠯ ᠢ ᠰᠢᠢᠳᠪᠦᠷᠢᠯᠡᠬᠦ ᠬᠠᠷᠢᠶ᠎ᠠ ᠪᠠᠷ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ ᠰᠠᠭᠤᠷᠢᠰᠢᠭᠰᠠᠨ ᠨᠢᠭᠡᠴᠡ ᠶᠢ ᠵᠣᠬᠢᠴᠠᠭᠤᠯᠤᠨ ᠬᠦᠳᠡᠯᠦᠩᠭᠦᠢ ᠲᠤᠬᠢᠷᠠᠭᠤᠯᠪᠠ ᠃ ᠤᠳᠤᠬᠠᠨ ᠪᠤᠯᠲᠠᠯ᠎ᠠ ᠨᠡᠶᠢᠲᠡ 341 ᠨᠠᠵᠠᠭᠠᠢ ᠲᠠᠯ᠎ᠠ ᠶᠢᠨ ᠨᠠᠷᠢᠨ ᠳᠠᠩᠰᠠ ᠳᠤ ᠣᠷᠤᠭᠰᠠᠨ ᠤᠴᠢᠷ ᠶᠠᠪᠤᠳᠠᠯ  ᠪᠤᠢ᠃ ᠶᠡᠷᠦᠩᠬᠡᠶᠢᠯᠡᠭᠰᠡᠨ ᠴᠤᠩᠬᠤᠪᠴᠢ ᠪᠠᠷ ᠬᠦᠯᠢᠶᠡᠨ ᠰᠢᠢᠳᠪᠦᠷᠢᠯᠡᠬᠦ +  ᠲᠦᠷᠦᠭᠦᠦ ᠲᠥᠯᠦᠭᠡᠯᠡᠭᠴᠢ ᠶᠢᠨ ᠬᠡᠯᠪᠡᠷᠢ ᠶᠢ ᠬᠡᠷᠡᠭᠵᠢᠭᠦᠯᠪᠡ᠃ ᠦᠢᠯᠡᠴᠢᠯᠡᠭᠡᠨ ᠤ ᠲᠥᠪ ᠲᠤ ᠤᠷᠤᠵᠤ ᠰᠠᠭᠤᠷᠢᠰᠢᠭᠰᠠᠨ ᠰᠠᠯᠠᠭ᠎ᠠ ᠮᠦᠴᠢᠷ ᠤᠨ ᠴᠤᠩᠬᠤᠪᠴᠢ ᠪᠠᠷ ᠬᠦᠯᠢᠶᠡᠨ ᠰᠢᠢᠳᠪᠦᠷᠢᠯᠡᠬᠦ ᠡᠷᠬᠡ ᠶᠢ ᠦᠭᠡᠶᠢᠰᠬᠡᠵᠦ᠂ ᠵᠥᠪᠬᠡᠨ ᠶᠡᠷᠦᠩᠬᠡᠶᠢᠯᠡᠭᠰᠡᠨ ᠴᠤᠩᠬᠤᠪᠴᠢ ᠪᠠᠷ ᠬᠦᠯᠢᠶᠡᠨ ᠰᠢᠢᠳᠪᠦᠷᠢᠯᠡᠬᠦ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ 78 ᠦᠢᠯᠡᠴᠢᠯᠡᠭᠡᠨ ᠤ ᠴᠤᠩᠬᠤᠪᠴᠢ ᠪᠦᠬᠦᠨ ᠢᠶᠠᠷ ᠢᠶᠠᠨ ︽ᠵᠥᠪᠬᠡᠨ ᠴᠤᠩᠬᠤᠪᠴᠢ ᠪᠠᠷ ᠬᠦᠯᠢᠶᠡᠨ ᠰᠢᠢᠳᠪᠦᠷᠢᠯᠡᠬᠦ︾ ᠶᠢ ᠪᠡᠶᠡᠯᠡᠭᠦᠯᠪᠡ᠃ ᠲᠦᠷᠦᠭᠦᠦ ᠲᠥᠯᠦᠭᠡᠯᠡᠭᠴᠢ ᠶᠢᠨ ᠳᠥᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂  ᠣᠷᠤᠵᠤ ᠰᠠᠭᠤᠷᠢᠰᠢᠭᠰᠠᠨ ᠰᠠᠯᠠᠭ᠎ᠠ ᠮᠦᠴᠢᠷ ᠪᠦᠷ ᠲᠤᠰ ᠨᠢᠭᠡᠴᠡ ᠶᠢᠨ ᠠᠯᠢᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠴᠢᠷ ᠵᠦᠢᠯᠡᠰ ᠤᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠡᠷᠬᠡ᠂ ᠠᠬᠤᠢ ᠲᠠᠯᠠᠪᠠᠢ ᠳᠤ ᠬᠠᠶᠢᠨ ᠪᠠᠶᠢᠴᠠᠭᠠᠬᠤ ᠡᠷᠬᠡ᠂ ᠠᠯᠪᠠᠨ ᠲᠠᠮᠠᠭ᠎ᠠ ᠶᠢ ᠬᠡᠷᠡᠭᠯᠡᠬᠦ ᠡᠷᠬᠡ ᠪᠠ ᠦᠨᠡᠮᠯᠡᠯ ᠤᠨ ᠭᠡᠷᠡᠯ ᠵᠢᠷᠤᠭ ᠢ ᠲᠠᠷᠬᠠᠭᠠᠬᠤ ᠡᠷᠬᠡ ᠵᠡᠷᠭᠡ ᠶᠢ ᠪᠦᠬᠦᠨ ᠢ ᠲᠤᠰ ᠨᠢᠭᠡᠴᠡ ᠶᠢᠨ ᠬᠥᠰᠢᠭᠡ ᠶᠢᠨ ᠠᠷᠤ ᠶᠢᠨ ᠬᠢᠨᠠᠨ ᠵᠥᠪᠰᠢᠶᠡᠷᠡᠯ ᠤᠨ ᠠᠵᠢᠯᠲᠠᠨ ᠳᠤ ᠲᠤᠰᠢᠶᠠᠨ ᠦᠭᠴᠦ᠂ ᠡᠷᠬᠡ ᠣᠯᠭᠤᠯᠲᠠ ᠶᠢᠨ ᠪᠢᠴᠢᠭ ᠣᠯᠭᠤᠪᠠ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号