ᠬᠤᠩᠱᠠᠨ ᠲᠣᠭᠤᠷᠢᠭ᠄ ᠠᠶᠦᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠣᠭᠤᠮ ᠢ ᠪᠠᠲᠤᠵᠢᠭᠤᠯᠤᠨ ᠂ ᠵᠢᠯ ᠤᠨ ᠡᠴᠦᠰ ᠣᠨ ᠤ ᠡᠬᠢᠨ ᠳᠤ ᠰᠡᠷᠭᠡᠶᠢᠯᠡᠯᠲᠡ ᠶᠢᠨ ᠬᠦᠴᠦᠨ ᠢᠶᠠᠨ ᠰᠤᠯᠠᠷᠠᠭᠤᠯᠤᠯ ᠦᠭᠡᠢ ᠪᠠᠷᠢᠮᠲᠠᠯᠠᠵᠤ ᠪᠤᠢ
ᠨᠡᠶᠢᠲᠡᠯᠡᠭᠰᠡᠨ ᠴᠠᠭ᠄
2025/1/16
       ᠬᠤᠩᠱᠠᠨ ᠲᠣᠭᠤᠷᠢᠭ ᠠᠶᠦᠯᠭᠦᠢ ᠶᠢᠨ ᠬᠦᠮᠦᠵᠢᠯ ᠤᠨ ᠪᠤᠤᠭᠢᠶ᠎ᠠ ᠶᠢ ᠪᠦᠬᠦ ᠬᠦᠴᠦᠨ ᠢᠶᠠᠷ ᠰᠠᠶᠢᠲᠤᠷ ᠵᠠᠯᠭᠠᠵᠤ᠂ ᠦᠢᠯᠡᠳᠪᠦᠷᠢᠯᠡᠯ ᠤᠨ ᠤᠷᠲᠤᠮᠵᠢ ᠶᠢᠨ ᠥᠷ᠎ᠡ ᠠᠰᠢᠭ ᠢ ᠪᠠᠲᠤᠯᠠᠨ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠵᠣᠬᠢᠶᠠᠨ ᠪᠠᠶᠢᠭᠤᠯᠵᠤ᠂  ᠬᠤᠶᠠᠷ ᠵᠠᠭᠤ ᠭᠠᠷᠤᠢ ᠭᠤᠣᠯᠳᠠᠯᠭ᠎ᠠ ᠲᠠᠢ ᠠᠵᠤ ᠠᠬᠤᠶᠢᠯᠠᠯ ᠠᠶᠦᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠳᠤ ᠣᠷᠤᠯᠴᠠᠪᠠ᠃  ᠪᠣᠲᠠᠲᠤ ᠬᠡᠷᠡᠭ ᠤᠨ ᠵᠢᠱᠢᠶ᠎ᠡ ᠪᠠᠷ ᠬᠤᠷᠠᠯ ᠳᠤ ᠣᠷᠤᠯᠴᠠᠭᠰᠠᠨ ᠠᠵᠤ ᠠᠬᠤᠶᠢᠯᠠᠯ ᠳᠤ ᠭᠠᠯ ᠰᠡᠷᠭᠡᠶᠢᠯᠡᠯᠲᠡ ᠶᠢᠨ ᠭᠡᠮ ᠰᠣᠭᠤᠭ ᠢ ᠪᠠᠶᠢᠴᠠᠭᠠᠬᠤ ᠭᠤᠣᠯᠳᠠᠯᠭ᠎ᠠ ᠶᠢ ᠲᠠᠶᠢᠯᠪᠤᠷᠢᠯᠠᠵᠤ᠂  ᠵᠢᠯ ᠤᠨ ᠡᠴᠦᠰ ᠣᠨ ᠤ ᠡᠬᠢᠨ ᠳᠤ ᠭᠠᠯ ᠤᠨ ᠠᠶᠦᠯᠭᠦᠢ ᠶᠢ ᠰᠡᠷᠭᠡᠶᠢᠯᠡᠨ ᠡᠵᠡᠮᠳᠡᠬᠦ ᠠᠵᠢᠯ ᠳᠤ ᠪᠣᠳᠠᠲᠠᠢ ᠪᠠᠶᠢᠷᠢᠰᠢᠭᠤᠯᠤᠯᠲᠠ ᠬᠢᠵᠦ᠂  ᠭᠤᠣᠯᠳᠠᠯᠭ᠎ᠠ ᠲᠠᠢ ᠨᠢᠭᠡᠴᠡ ᠶᠢᠨ ᠡᠳᠦᠷ ᠲᠤᠳᠤᠮ ᠤᠨ ᠭᠠᠯ ᠰᠡᠷᠭᠡᠶᠢᠯᠡᠯᠲᠡ ᠶᠢᠨ ᠠᠶᠦᠯᠭᠦᠢ ᠶᠢᠨ ᠬᠠᠮᠢᠶᠠᠷᠤᠯᠲᠠ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃        ᠬᠤᠷᠠᠯ ᠤᠨ ᠳᠠᠷᠠᠭ᠎ᠠ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠭᠠᠯ ᠰᠡᠷᠭᠡᠶᠢᠯᠡᠯᠲᠡ ᠶᠢᠨ ᠰᠡᠷᠡᠮᠵᠢᠯᠡᠭᠦᠯᠦᠯ ᠬᠦᠮᠦᠵᠢᠯ ᠤᠨ ᠹᠢᠯᠢᠮ ᠦᠵᠡᠭᠦᠯᠬᠦ ᠶᠢᠨ ᠬᠠᠮᠲᠤ ᠭᠠᠯ ᠰᠡᠷᠭᠡᠶᠢᠯᠡᠯᠲᠡ ᠶᠢᠨ ᠠᠶᠦᠯᠭᠦᠢ ᠶᠢᠨ ᠮᠡᠳᠡᠯᠭᠡ ᠶᠢᠨ ᠪᠣᠯᠪᠠᠰᠤᠷᠠᠭᠤᠯᠤᠯ ᠪᠠ ᠭᠠᠯ ᠰᠡᠷᠭᠡᠶᠢᠯᠡᠯᠲᠡ ᠶᠢᠨ ᠠᠶᠦᠯᠭᠦᠢ ᠶᠢᠨ ᠰᠣᠷᠢᠯᠲᠠ ᠶᠢᠨ ᠠᠵᠢᠯᠯᠠᠭᠠᠨ ᠶᠠᠪᠤᠭᠳᠠᠭᠤᠯᠵᠤ᠂  ᠲᠤᠰ ᠤᠳᠠᠭᠠᠨ ᠤ ᠠᠵᠢᠯᠯᠠᠭᠠᠨ ᠳᠤ ᠬᠠᠮᠵᠢᠯᠴᠠᠭᠤᠯᠤᠨ 500 ᠭᠠᠷᠤᠢ ᠠᠶᠦᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠪᠠ᠃ ᠬᠤᠷᠢᠶᠠᠵᠤ ᠬᠠᠳᠠᠭᠠᠯᠠᠬᠤ ᠪᠠᠷᠠᠭᠠᠨ ᠭᠦᠢᠯᠭᠡᠭᠡᠨ ᠤ ᠠᠵᠤ ᠠᠬᠤᠶᠢᠯᠠᠯ ᠳᠤ ᠬᠠᠨᠳᠤᠭᠤᠯᠤᠨ ︽ᠶᠢᠰᠦᠨ ᠪᠠᠭ᠎ᠠ ᠲᠠᠯᠠᠪᠤᠷ︾  ᠵᠡᠷᠭᠡ ᠡᠵᠡᠩᠨᠡᠯᠲᠡ ᠶᠢᠨ ᠭᠤᠣᠯ ᠴᠣᠭᠴᠠ ᠶᠢᠨ ᠠᠶᠦᠯᠭᠦᠢ ᠶᠢᠨ ᠭᠡᠮ ᠰᠣᠭᠤᠭ ᠤᠨ ᠣᠨᠴᠠᠯᠢᠭ ᠢ ᠵᠠᠳᠠᠯᠵᠤ᠂  ᠠᠵᠤ ᠠᠬᠤᠶᠢᠯᠠᠯ ᠳᠤ ᠬᠠᠪᠰᠤᠷᠤᠨ ᠲᠥᠭᠰᠢᠭᠦᠷᠢ ᠶᠢᠨ ᠡᠬᠢ ᠰᠣᠷᠪᠤᠯᠵᠢ᠂ ᠲᠦᠭᠰᠢᠭᠦᠷᠢ ᠶᠢᠨ ᠴᠡᠭ ᠢ ᠠᠷᠢᠯᠭᠠᠨ᠂ ᠬᠦᠨᠳᠦ ᠶᠡᠭᠡ ᠠᠳᠡᠯ ᠤᠨ ᠭᠡᠮ ᠰᠣᠭᠤᠭ ᠢ ᠮᠠᠭᠠᠳᠯᠠᠬᠤ ᠪᠠᠷᠢᠮᠵᠢᠶ᠎ᠡ ᠶᠢ ᠠᠳᠬᠤᠪᠠ᠃        ᠠᠶᠦᠯᠭᠦᠢ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠬᠤ ᠶᠢᠨ ᠬᠠᠮᠲᠤ ᠡᠳᠦᠷ ᠲᠣᠳᠤᠮ ᠤᠨ ᠪᠠᠶᠢᠴᠠᠭᠠᠯᠲᠠ ᠦᠷᠨᠢᠭᠦᠯᠵᠦ᠂  ᠰᠢᠲᠠᠮᠠᠬᠠᠢ ᠬᠡᠢ ᠶᠢᠨ ᠠᠶᠦᠯᠭᠦᠢ᠂ ᠭᠠᠯ ᠰᠡᠷᠭᠡᠶᠢᠯᠡᠯᠲᠡ ᠶᠢᠨ ᠠᠶᠦᠯᠭᠦᠢ᠂ ᠴᠠᠬᠢᠯᠭᠠᠨ ᠬᠡᠷᠡᠭᠯᠡᠬᠦ᠂ ᠦᠢᠯᠡᠳᠪᠦᠷᠢᠯᠡᠯ ᠤᠨ ᠠᠵᠢᠯᠯᠠᠭᠠᠨ ᠤ ᠠᠶᠦᠯᠭᠦᠢ ᠵᠡᠷᠭᠡ ᠴᠢᠬᠤᠯᠠ ᠭᠤᠭᠴᠤᠭ᠎ᠠ ᠶᠢ ᠴᠢᠩᠭ᠎ᠠ ᠬᠢᠨᠠᠵᠤ᠂  ᠨᠡᠶᠢᠲᠡ ᠬᠤᠷᠢᠨ ᠭᠤᠷᠪᠠᠨ ᠭᠤᠣᠯᠳᠠᠯᠭ᠎ᠠ ᠲᠠᠢ ᠠᠵᠤ ᠠᠬᠤᠶᠢᠯᠠᠯ ᠢ ᠪᠠᠶᠢᠴᠠᠭᠠᠵᠤ᠂ ᠳᠥᠴᠢᠨ ᠲᠠᠪᠤᠨ ᠭᠡᠮ ᠰᠣᠭᠤᠭ ᠠᠰᠠᠭᠤᠳᠠᠯ ᠢ ᠠᠷᠢᠯᠭᠠᠵᠤ᠂  ᠲᠤᠰ ᠤᠳᠠᠭᠠᠨ ᠤ ᠪᠤᠯᠪᠠᠰᠤᠷᠠᠭᠤᠯᠤᠯ ᠰᠤᠷᠢᠯᠲᠠ ᠶᠢᠨ ᠠᠵᠢᠯᠯᠠᠭᠠᠨ ᠵᠢᠴᠢ ᠭᠡᠮ ᠰᠣᠭᠤᠭ ᠢ ᠪᠠᠶᠢᠴᠠᠭᠠᠬᠤ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠭᠠᠯ ᠰᠡᠷᠭᠡᠶᠢᠯᠡᠯᠲᠡ ᠶᠢᠨ ᠠᠶᠦᠯᠭᠦᠢ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠬᠤᠶᠢᠰᠢᠲᠠ ᠪᠦᠬᠦ ᠲᠠᠯ᠎ᠠ ᠶᠢᠨ᠂ ᠨᠡᠩ ᠭᠦᠨᠵᠡᠭᠡᠢ ᠭᠡᠮ ᠰᠣᠭᠤᠭ ᠤᠨ ᠰᠢᠭᠰᠢᠨ ᠪᠠᠶᠢᠴᠠᠭᠠᠯᠲᠠ ᠴᠡᠭᠴᠡᠯᠡᠨ ᠵᠠᠰᠠᠯᠲᠠ ᠶᠢᠨ ᠠᠵᠢᠯ ᠶᠠᠪᠤᠭᠳᠠᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂  ︽ᠴᠠᠭᠠᠨ ᠰᠠᠷ᠎ᠠ ᠶᠢᠨ ᠠᠶᠦᠯᠭᠦᠢ︾ ᠶᠢ ᠪᠠᠲᠤᠯᠠᠪᠠ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号