| | | | ᠨᠢᠭᠡ ᠳᠤ ᠣᠯᠠᠨ ᠠᠷᠭ᠎ᠠ ᠵᠠᠮ ᠢᠶᠠᠷ ᠵᠠᠭᠠᠯᠳᠤᠯᠭ᠎ᠠ ᠰᠦᠪᠡᠭᠴᠢ ᠶᠢ ᠬᠤᠷᠢᠶᠠᠵᠤ ᠲᠤᠰᠪᠠ᠃ 2024 | ᠣᠨ ᠳᠤ ᠨᠡᠶᠢᠲᠡ 1903 ᠡᠯ᠎ᠡ ᠲᠥᠷᠦᠯ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠭᠰᠡᠨ ᠠᠰᠠᠭᠤᠳᠠᠯ | ᠰᠥᠪᠡᠭᠴᠢ ᠶᠢ ᠬᠦᠯᠢᠶᠡᠨ ᠲᠤᠰᠪᠠ᠃ ᠤᠯᠤᠰ ᠤᠨ ︽ᠴᠠᠯᠢᠩ ᠥᠷᠢᠲᠦᠭᠰᠡᠨ ᠢ ᠦᠨᠳᠦᠰᠦᠨ ᠠᠴᠠ ᠨᠢ ᠵᠠᠰᠠᠬᠤ | ᠰᠥᠪᠡᠭᠴᠢ ᠬᠠᠩᠭᠠᠬᠤ ᠲᠠᠪᠴᠠᠩ︾ ᠳᠤ 1215 ᠤᠴᠢᠷ ᠵᠦᠢᠯᠡᠰ ᠢ ᠲᠤᠰᠴᠤ᠂ 1198 ᠤᠴᠢᠷ ᠵᠦᠢᠯᠡᠰ ᠢ ᠨᠢ | ᠨᠢᠭᠡᠨᠲᠡ ᠰᠢᠢᠳᠪᠦᠷᠢᠯᠡᠵᠦ ᠪᠠᠷᠠᠪᠠ᠃ ᠥᠪᠡᠷᠲᠡᠭᠡᠨ ᠵᠠᠰᠠᠬᠤ ᠣᠷᠣᠨ ᠤ ︽ᠴᠠᠯᠢᠩ ᠥᠷᠢᠲᠦᠭᠰᠡᠨ ᠢ | ᠦᠨᠳᠦᠰᠦᠨ ᠠᠴᠠ ᠨᠢ ᠵᠠᠰᠠᠬᠤ ᠰᠥᠪᠡᠭᠴᠢ ᠬᠠᠩᠭᠠᠬᠤ ᠲᠠᠪᠴᠠᠩ︾ ᠳᠤ 64 ᠤᠴᠢᠷ ᠶᠠᠪᠤᠳᠠᠯ ᠢ ᠲᠤᠰᠴᠤ᠂ | ᠵᠢᠷᠠᠨ ᠳᠥᠷᠪᠡᠭᠦᠯᠡ ᠶᠢ ᠨᠢᠭᠡᠨᠲᠡ ᠰᠢᠢᠳᠪᠦᠷᠢᠯᠡᠵᠦ ᠳᠠᠭᠤᠰᠪᠠ᠃ ᠴᠠᠬᠢᠮ ᠪᠤᠰᠤ ᠬᠡᠯᠪᠡᠷᠢ ᠪᠠᠷ 624 ᠵᠠᠭᠠᠯᠳᠤᠯᠭ᠎ᠠ | ᠲᠤᠰᠴᠤ ᠨᠢᠭᠡᠨᠲᠡ574 ᠤᠴᠢᠷ ᠵᠦᠢᠯᠡᠰ ᠢ ᠨᠢ ᠨᠢᠭᠡᠨᠲᠡ ᠰᠢᠢᠳᠪᠦᠷᠢᠯᠡᠪᠡ᠃ | | | ᠬᠤᠶᠠᠷ ᠲᠤ ᠬᠠᠤᠯᠢ ᠬᠡᠷᠡᠭᠵᠢᠭᠦᠯᠬᠦ ᠳᠤ ᠬᠠᠮᠵᠢᠯᠴᠠᠬᠤ ᠶᠢ ᠴᠢᠩᠭᠠᠳᠬᠠᠪᠠ᠃ ︽ᠬᠤᠶᠠᠷ ᠢ ᠲᠠᠰᠢᠷᠠᠮ ᠢᠶᠠᠷ | ᠂ ᠨᠢᠭᠡ ᠶᠢ ᠢᠯᠡ ᠪᠣᠯᠭᠠᠬᠤ︾ ᠣᠨ ᠤ ᠪᠠᠶᠢᠴᠠᠭᠠᠯᠲᠠ ᠶᠢᠨ ᠱᠠᠭᠠᠷᠳᠠᠯᠭ᠎ᠠ ᠶᠤᠰᠤᠭᠠᠷ᠂ ᠬᠦᠳᠡᠯᠮᠦᠷᠢ ᠬᠦᠴᠦᠨ ᠤ | ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ᠂ ᠲᠥᠷᠭᠡᠨ ᠬᠦᠷᠭᠡᠯᠲᠡ ᠶᠢᠨ ᠠᠵᠤ ᠦᠢᠯᠡᠰ ᠢ | ᠪᠠᠶᠢᠴᠠᠭᠠᠵᠤ᠂ ᠴᠠᠯᠢᠩ ᠥᠷᠢᠲᠦᠭᠰᠡᠨ ︵2 ᠣᠳᠠᠭ᠎ᠠ︶᠂ ᠰᠡᠯᠡᠭᠦᠴᠡᠯ ᠦᠢᠯᠡᠴᠢᠯᠡᠭᠡᠨ ᠤ ᠲᠠᠯᠠᠪᠤᠷ ᠲᠤ ᠬᠡᠦᠬᠡᠳ | ᠠᠵᠢᠯᠲᠠᠨ ᠢ ᠡᠯᠰᠡᠬᠦ᠂ ᠬᠠᠤᠯᠢ ᠪᠤᠰᠤ ᠪᠠᠷ ᠬᠦᠮᠦᠨ ᠬᠡᠷᠡᠭᠯᠡᠬᠦ ᠳᠤ ᠴᠣᠬᠢᠯᠲᠠ ᠥᠭᠬᠦ ᠵᠡᠷᠭᠡ ᠳᠤᠯᠤᠭᠠᠨ ᠲᠥᠷᠦᠯ | ᠵᠦᠢᠯ ᠢᠶᠠᠷ 30 ᠭᠠᠵᠠᠷ ᠬᠢᠨᠠᠨ ᠪᠠᠶᠢᠴᠠᠭᠠᠯᠲᠠ ᠬᠢᠵᠦ᠂ ᠨᠡᠶᠢᠲᠡ ᠬᠤᠶᠠᠷ ᠠᠰᠠᠭᠤᠳᠠᠯ ᠢ ᠢᠯᠡᠷᠡᠭᠦᠯᠦᠨ᠂ ᠨᠢᠭᠡᠨᠲᠡ | ᠪᠦᠬᠦᠨ ᠢ ᠵᠥᠭᠰᠢᠷᠡᠭᠦᠯᠪᠡ᠃ | | | ᠭᠤᠷᠪᠠ ᠳᠤ ᠲᠤᠰᠬᠠᠢ ᠲᠥᠷᠦᠯ ᠤᠨ ᠪᠠᠶᠢᠴᠠᠭᠠᠯᠲᠠ ᠶᠢ ᠥᠷᠨᠢᠭᠦᠯᠪᠡ᠃ ᠬᠦᠳᠡᠯᠮᠦᠷᠢ ᠬᠦᠴᠦ ᠬᠡᠷᠡᠭᠯᠡᠬᠦ | ᠬᠦᠷᠢᠶ᠎ᠡ ᠬᠡᠪᠴᠢᠶᠡᠨ ᠳᠤ ᠨᠡᠶᠢᠲᠡ 44 ᠬᠦᠳᠡᠯᠮᠦᠷᠢ ᠬᠦᠴᠦᠨ ᠢ ᠲᠤᠮᠢᠯᠠᠬᠤ ᠺᠤᠮᠫᠠᠨᠢ ᠶᠢ ᠪᠠᠶᠢᠴᠠᠭᠠᠵᠤ᠂ ᠡᠭᠦᠨ ᠳᠤ | 22 ᠨᠢ ᠬᠦᠳᠡᠯᠮᠦᠷᠢ ᠦᠢᠯᠡᠴᠢᠯᠡᠭᠡ ᠶᠢ ᠲᠤᠮᠢᠯᠠᠬᠤ ᠠᠵᠢᠯ ᠶᠠᠪᠤᠳᠠᠯ ᠢ ᠭᠦᠢᠴᠡᠳᠬᠡᠭᠰᠡᠨ ᠦᠭᠡᠢ᠂ 22 ᠨᠢ | ᠬᠦᠳᠡᠯᠮᠦᠷᠢ ᠦᠢᠯᠡᠴᠢᠯᠡᠭᠡ ᠶᠢ ᠲᠤᠮᠢᠯᠠᠬᠤ ᠠᠵᠢᠯ ᠶᠠᠪᠤᠳᠠᠯ ᠢ ᠭᠦᠢᠴᠡᠳᠬᠡᠵᠡᠢ᠃ ᠲᠤᠰᠬᠠᠢ ᠲᠥᠷᠦᠯ ᠤᠨ | ᠪᠠᠶᠢᠴᠠᠭᠠᠯᠲᠠ ᠳᠤ ᠨᠡᠶᠢᠲᠡ 12 ᠠᠰᠠᠭᠤᠳᠠᠯ ᠢ ᠢᠯᠡᠷᠡᠭᠦᠯᠦᠨ᠂ ᠪᠦᠬᠦᠨ ᠢ ᠴᠡᠭᠴᠡᠯᠡᠨ ᠵᠠᠰᠠᠪᠠ᠃ | | | ᠳᠥᠷᠪᠡ ᠳᠤ ᠡᠳᠦᠷ ᠲᠤᠲᠤᠮ ᠤᠨ ᠪᠠᠶᠢᠴᠠᠭᠠᠯᠲᠠ ᠶᠢ ᠥᠷᠨᠢᠭᠦᠯᠪᠡ᠃ 2024 ᠣᠨ ᠤ 10 ᠰᠠᠷ᠎ᠠ ᠠᠴᠠ | ᠨᠠᠰᠢ ᠨᠡᠶᠢᠲᠡ 84 ᠬᠦᠮᠦᠨ ᠬᠡᠷᠡᠭᠯᠡᠬᠦ ᠨᠢᠭᠡᠴᠡ ᠶᠢ ᠪᠠᠶᠢᠴᠠᠭᠠᠪᠠ᠃ | | | | | | | | | | | | | | | | | | | | | | ᠁ |