ᠬᠤᠩᠱᠠᠨ ᠲᠣᠭᠤᠷᠢᠭ᠄  ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠦᠷᠭᠦᠯᠵᠢᠯᠡᠨ ᠪᠤᠵᠠᠭᠠᠶᠢᠷᠠᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2025/1/18
       ᠨᠢᠭᠡ ᠭᠠᠳᠠᠭᠠᠳᠤ ᠠᠷᠠᠯᠵᠢᠶᠠᠨ ᠤ ᠬᠦᠷᠢᠶ᠎ᠡ ᠬᠡᠪᠴᠢᠶ᠎ᠡ ᠲᠠᠰᠤᠷᠠᠯᠲᠠ ᠦᠭᠡᠢ ᠨᠡᠮᠡᠭᠳᠡᠪᠡ᠃  ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠲᠠᠪᠴᠠᠩ ᠤᠨ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠮᠠᠨᠵᠤᠤᠷ ᠪᠤᠭᠤᠮᠲᠠ ᠲᠠᠢ ᠬᠠᠮᠵᠢᠯᠴᠠᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ  ︽9610︾ ᠭᠠᠳᠠᠭᠠᠲᠤ ᠳᠤ ᠭᠠᠷᠭᠠᠬᠤ ︽ᠬᠠᠷᠢᠶ᠎ᠠ ᠣᠷᠣᠨ ᠨᠢ ᠡᠷᠡᠮᠡᠯᠵᠡᠵᠦ᠂ ᠭᠠᠷᠠᠮ ᠰᠢᠯᠭᠠᠵᠤ ᠵᠥᠪᠰᠢᠶᠡᠷᠡᠬᠦ︾ ᠬᠡᠯᠪᠡᠷᠢ ᠶᠢ ᠬᠠᠮᠲᠤᠪᠡᠷ ᠬᠡᠷᠡᠭᠵᠢᠭᠦᠯᠵᠦ᠂  ︽1210︾ ︽9610︾ ︽9710︾ ︽9810︾ ᠪᠦᠬᠦ ᠬᠡᠯᠬᠢᠶᠡᠵᠢᠯ ᠤᠨ ᠠᠵᠢᠯ ᠶᠠᠪᠤᠳᠠᠯ ᠤᠨ ᠬᠡᠯᠪᠡᠷᠢ ᠶᠢ ᠨᠠᠶᠢᠳᠠᠪᠤᠷᠢᠵᠢᠭᠤᠯᠵᠤ᠂  ᠡᠯᠧᠺᠲᠷᠤᠨ ᠬᠤᠳᠠᠯᠳᠤᠭᠠᠨ ᠤ ᠭᠤᠣᠯ ᠴᠣᠭᠴᠠ᠂ ᠠᠵᠢᠯ ᠶᠠᠪᠤᠳᠠᠯ ᠤᠨ ᠬᠦᠷᠢᠶ᠎ᠡ ᠬᠡᠪᠴᠢᠶ᠎ᠡ ᠲᠠᠰᠤᠷᠠᠯᠲᠠ ᠦᠭᠡᠢ ᠪᠤᠵᠠᠭᠠᠶᠢᠷᠠᠪᠠ᠃ ᠣᠳᠣᠬᠠᠨ ᠪᠣᠯᠲᠠᠯ᠎ᠠ ᠲᠠᠪᠤᠨ ᠭᠤᠣᠯ ᠴᠤᠭᠴᠠ ᠰᠢᠨ᠎ᠡ ᠪᠠᠷ ᠨᠡᠮᠡᠭᠳᠡᠨ᠂ 2237 ᠭᠠᠳᠠᠭᠠᠲᠤ ᠠᠴᠠ ᠣᠷᠤᠭᠤᠯᠵᠤ ᠭᠠᠷᠭᠠᠬᠤ ᠠᠵᠢᠯ ᠶᠠᠪᠤᠳᠠᠯ ᠢ ᠭᠦᠢᠴᠡᠳᠬᠡᠵᠦ᠂  ᠭᠠᠳᠠᠭᠠᠳᠤ ᠠᠷᠠᠯᠵᠢᠶᠠᠨ ᠤ ᠲᠤᠭ᠎ᠠ 5.07 ᠳ᠋ᠦᠩᠰᠢᠭᠤᠷ ᠲᠦᠭᠦᠷᠢᠭ ᠢ ᠭᠦᠢᠴᠡᠳᠬᠡᠪᠡ᠃        ᠬᠤᠶᠠᠷ ᠭᠠᠳᠠᠭᠠᠲᠤ ᠳᠠᠬᠢ ᠬᠦᠮᠦᠷᠭᠡ ᠶᠢᠨ ᠪᠠᠶᠢᠭᠤᠯᠤᠯᠲᠠ ᠶᠢ ᠡᠷᠴᠢᠮᠲᠡᠢ ᠠᠬᠢᠭᠤᠯᠪᠠ᠃  ᠠᠵᠤ ᠠᠬᠤᠶᠢᠯᠠᠯ ᠳᠤ ᠢᠳᠡᠪᠬᠢᠲᠡᠢ ᠬᠠᠮᠵᠢᠯᠴᠠᠨ ᠭᠠᠳᠠᠭᠠᠲᠤ ᠳᠤ ᠬᠦᠮᠦᠷᠭᠡ ᠪᠠᠶᠢᠭᠤᠯᠵᠤ᠂  ᠪᠠᠷᠠᠭᠠᠨ ᠭᠦᠢᠯᠭᠡᠭᠡᠨ ᠤ ᠥᠷᠲᠡᠭ ᠢ  ᠪᠠᠭᠤᠷᠠᠭᠤᠯᠤᠨ᠂  ᠬᠢᠯᠢ ᠠᠯᠤᠰᠯᠠᠭᠰᠠᠨ ᠲᠠᠸᠠᠷ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠤᠳᠤᠬᠠᠨ ᠪᠣᠯᠲᠠᠯ᠎ᠠ ozon ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠠᠪᠴᠠᠩ ᠪᠠ ᠳᠤᠮᠳᠠᠳᠤ ᠤᠯᠤᠰ ᠤᠨ ᠵᠦᠩ ᠲᠥᠩ ᠠᠮᠵᠢᠯᠲᠠᠲᠠᠢ ᠬᠠᠮᠵᠢᠯᠴᠠᠨ ᠵᠦᠩ ᠲᠥᠩ ᠡᠭᠦᠯᠡᠨ ᠬᠦᠮᠦᠷᠭᠡ ᠶᠢ ᠪᠠᠶᠢᠭᠤᠯᠪᠠ᠃ ᠣᠯᠠᠨ ᠤᠯᠤᠰ ᠤᠨ ᠬᠠᠭᠤᠷᠠᠢ ᠶᠢᠨ ᠭᠠᠷᠠᠮ ᠤᠨ ᠺᠤᠮᠫᠠᠨᠢ ᠪᠠ ᠭᠧᠷᠮᠠᠨ ᠤᠯᠤᠰ ᠤᠨ ᠰᠢᠩ ᡁᠢ ᠪᠠᠩ ᠢ ᠵᠤᠯᠭᠠᠯᠴᠠᠭᠤᠯᠬᠤ ᠶᠢ ᠠᠬᠢᠭᠤᠯᠤᠨ᠂ ᠭᠧᠷᠮᠠᠨ ᠤ ᠭᠠᠳᠠᠭᠠᠲᠤ ᠳᠠᠬᠢ ᠬᠦᠮᠦᠷᠭᠡ ᠶᠢᠨ ᠪᠠᠶᠢᠷᠢ ᠰᠤᠩᠭᠤᠬᠤ ᠠᠵᠢᠯ ᠢ ᠭᠦᠢᠴᠡᠳᠬᠡᠪᠡ᠃        ᠭᠤᠷᠪᠠ ᠣᠯᠠᠨ ᠤᠯᠤᠰ ᠤᠨ ᠲᠥᠷᠭᠡᠨ ᠬᠦᠷᠭᠡᠯᠲᠡ ᠶᠢᠨ ᠬᠢᠨᠠᠨ ᠬᠠᠮᠢᠶᠠᠷᠤᠯᠲᠠ ᠶᠢᠨ ᠲᠥᠪ ᠵᠢᠩᠬᠢᠨᠢ ᠪᠠᠷ ᠠᠵᠢᠯᠯᠠᠪᠠ᠃ ᠠᠭᠠᠷ ᠬᠠᠭᠤᠷᠠᠢ ᠣᠯᠠᠨ ᠵᠠᠮ ᠤᠨ ᠲᠡᠭᠡᠭᠡᠪᠦᠷᠢ ᠶᠢᠨ ᠲᠥᠪ ᠤᠨ ᠲᠥᠷᠭᠡᠨ ᠬᠦᠷᠭᠡᠯᠲᠡ ᠶᠢᠨ ᠵᠠᠮ ᠰᠣᠪᠠᠭ ᠢ ᠠᠮᠵᠢᠯᠲᠠᠲᠠᠢ ᠪᠠᠶᠢᠭᠤᠯᠵᠤ᠂  ᠲᠥᠷᠭᠡᠨ ᠬᠦᠷᠭᠡᠯᠲᠡ ᠶᠢᠨ ᠭᠠᠳᠠᠭᠠᠲᠤ ᠠᠴᠠ ᠣᠷᠤᠭᠤᠯᠵᠤ ᠭᠠᠷᠭᠠᠬᠤ ᠠᠭᠠᠷ ᠤᠨ ᠵᠠᠮ ᠰᠤᠪᠠᠭ ᠨᠡᠩ ᠳᠥᠭᠦᠮ ᠲᠦᠲᠡ ᠪᠤᠯᠵᠤ᠂ ᠠᠵᠢᠯ ᠶᠠᠪᠤᠳᠠᠯ ᠤᠨ ᠬᠦᠷᠢᠶ᠎ᠡ ᠬᠡᠪᠴᠢᠶ᠎ᠡ ᠦᠷᠭᠦᠯᠵᠢᠯᠡᠨ ᠦᠷᠭᠡᠳᠪᠡ᠃ ᠤᠳᠤᠬᠠᠨ ᠪᠣᠯᠲᠠᠯ᠎ᠠ ᠲᠥᠪ ᠨᠢ ᠨᠡᠶᠢᠲᠡ 74 ᠪᠦᠯᠦᠭ ᠲᠦᠷᠭᠡᠨ ᠬᠦᠷᠭᠡᠯᠲᠡ ᠶᠢ ᠭᠠᠳᠠᠭᠠᠲᠤ ᠠᠴᠠ ᠣᠷᠤᠭᠤᠯᠵᠤ᠂  2.35 ᠲᠥᠮᠡᠨ ᠪᠣᠭᠤᠳᠠᠯ ᠪᠠᠶᠢᠵᠤ᠂  ᠪᠠᠷᠠᠭᠠᠨ ᠤ ᠥᠷᠲᠡᠭ 493.6 ᠲᠥᠮᠡᠨ ᠲᠦᠭᠦᠷᠢᠭ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号